ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠺᠠᠳ᠋ᠷᠴᠤᠳ ᠪᠠᠴᠢᠮ ᠪᠠᠶᠢᠳᠠᠯ ᠢ ᠠᠷᠭᠠᠴᠠᠬᠤ ᠢᠳᠡᠪᠬᠢ ᠬᠦᠴᠦᠨ ᠢ ᠳᠠᠮᠵᠢᠭᠤᠯᠵᠠᠢ
ᠨᠡᠶᠢᠲᠡᠯᠡᠭᠰᠡᠨ ᠴᠠᠭ᠄
2023/6/15
      6 ᠳ᠋ᠤᠭᠠᠷ ᠰᠠᠷ᠎ᠠ   ᠶᠢᠨ 12 ᠤᠨ ᠡᠳᠦᠷ᠂ ︽ᠠᠯᠲᠠ ᠣᠯᠣᠭᠰᠠᠨ ᠴᠤ ᠠᠮᠢᠨ ᠳᠠᠭᠠᠨ ᠠᠪᠬᠤ ᠦᠭᠡᠢ᠂ ᠡᠷᠬᠢᠮ ᠳᠡᠭᠡᠳᠦ ᠵᠠᠩ ᠮᠣᠷᠠᠯ ᠲᠠᠢ︾ ᠭᠡᠰᠡᠨ ᠬᠡᠮᠡᠷᠯᠢᠭ ᠲᠤᠭ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠣᠪᠴᠢᠶᠠᠨ ᠤ ᠠᠯᠪᠠᠨ ᠭᠡᠷ ᠲᠤ ᠬᠦᠷᠭᠡᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠵᠠᠩ ᠮᠢᠨ᠂ ᠾᠦᠥᠸ᠋ ᠢᠦᠢ ᠵᠢᠶᠠ ᠬᠤᠶᠠᠷ ᠨᠥᠬᠦᠷ ᠤᠨ ᠠᠯᠲᠠ ᠣᠯᠣᠭᠰᠠᠨ ᠴᠤ ᠠᠮᠢᠨ ᠳᠠᠭᠠᠨ ᠠᠪᠬᠤ ᠦᠭᠡᠢ ᠰᠠᠶᠢᠨ ᠦᠢᠯᠡ ᠠᠵᠢᠯᠯᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
     ᠤᠤᠯ ᠨᠢ᠂ 6 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠵᠠᠩ ᠮᠢᠨ ᠡᠷ᠎ᠡ ᠡᠮ᠎ᠡ ᠬᠤᠶᠠᠭᠤᠯᠠ ᠬᠡᠦᠬᠡᠳ ᠢᠶᠠᠨ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠳᠤ ᠠᠪᠠᠴᠢᠵᠤ ᠡᠪᠡᠳᠴᠢᠨ ᠦᠵᠡᠭᠦᠯᠬᠦ ᠳᠤ ᠴᠠᠬᠢᠯᠭᠠᠨ ᠱᠠᠲᠤᠨ  ᠠᠴᠠ ᠨᠢᠭᠡ ᠠᠯᠮᠠᠰ ᠪᠥᠭᠡᠵᠢ ᠣᠯᠵᠤ ᠠᠪᠴᠠᠢ᠂ ᠲᠤᠬᠠᠢ ᠶᠢᠨ ᠦᠶ᠎ᠡ ᠳᠤ ᠵᠠᠩ ᠮᠢᠨ ᠨᠥᠬᠦᠷ ᠤᠤᠯ ᠭᠠᠵᠠᠷ ᠲᠠᠭᠠᠨ ᠤᠳᠠᠲᠠᠯ᠎ᠠ ᠬᠦᠯᠢᠶᠡᠭᠡᠳ ᠠᠯᠳᠠᠭᠰᠠᠨ ᠡᠵᠡᠨ ᠢ ᠨᠢ ᠣᠯᠵᠤ ᠦᠵᠡᠭᠰᠡᠨ ᠦᠭᠡᠢ ᠪᠣᠯᠬᠤᠷ ᠠᠷᠭ᠎ᠠ ᠪᠤᠰᠤ ᠬᠠᠷᠢᠯᠴᠠᠬᠤ ᠬᠡᠯᠪᠡᠷᠢ ᠪᠠᠨ ᠦᠯᠡᠳᠡᠭᠡᠵᠡᠢ᠃ ᠳᠠᠷᠠᠭ᠎ᠠ ᠡᠳᠦᠷ ᠨᠢ ᠠᠯᠳᠠᠭᠰᠠᠨ ᠡᠵᠡᠨ ᠲᠠᠢ ᠪᠠᠨ ᠬᠤᠯᠪᠣᠭ᠎ᠠ ᠠᠪᠤᠭᠰᠠᠨ ᠤ ᠳᠠᠷᠠᠭ᠎ᠠ ᠂ ᠠᠯᠳᠠᠭᠰᠠᠨ ᠡᠵᠡᠨ ᠳᠤᠨᠢ ᠮᠠᠰᠢ ᠶᠡᠭᠡ ᠲᠠᠯᠠᠷᠬᠠᠯ ᠤᠨ ᠰᠡᠳᠬᠢᠯᠭᠡ ᠪᠠᠨ ᠢᠯᠡᠳᠬᠡᠵᠦ᠂ ︽ᠠᠯᠲᠠ ᠣᠯᠣᠭᠠᠳ ᠠᠮᠢᠨ ᠳᠠᠭᠠᠨ ᠠᠪᠬᠤ ᠦᠭᠡᠢ᠂ ᠡᠷᠬᠢᠮ ᠳᠡᠭᠡᠳᠦ ᠵᠠᠩ ᠮᠣᠷᠠᠯ  ᠲᠠᠢ︾ ᠬᠡᠮᠡᠷᠯᠢᠭ ᠲᠤᠭ ᠢᠶᠠᠨ ᠵᠠᠩ ᠮᠢᠨ ᠤ ᠭᠠᠷ ᠲᠤ ᠬᠦᠷᠭᠡᠵᠦ ᠲᠠᠯᠠᠷᠬᠠᠯ ᠤᠨ ᠰᠡᠳᠬᠢᠯᠭᠡ ᠪᠠᠨ ᠢᠯᠡᠳᠬᠡᠵᠡᠢ᠃      ᠵᠠᠩ ᠮᠢᠨ ᠡᠷ᠎ᠡ ᠡᠮ᠎ᠡ ᠬᠤᠶᠠᠭᠤᠯᠠ ᠶᠢᠨ ᠠᠯᠳᠠ ᠶᠢ ᠣᠯᠣᠭᠰᠠᠨ ᠴᠤ ᠠᠮᠢᠨ ᠳᠠᠭᠠᠨ ᠠᠪᠬᠤ ᠦᠭᠡᠢ ᠤᠯᠠᠮᠵᠢᠯᠠᠯᠲᠤ ᠰᠠᠶᠢᠬᠠᠨ ᠵᠠᠩ ᠰᠤᠷᠲᠠᠯ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠺᠠᠳ᠋ᠷᠴᠤᠳ ᠤᠨ ᠡᠷᠬᠢᠮ ᠳᠡᠭᠡᠳᠦ ᠵᠠᠩ ᠰᠤᠷᠲᠠᠯ ᠢ ᠢᠯᠡᠷᠡᠭᠦᠯᠵᠦ᠂ ᠠᠯᠳᠠᠭᠰᠠᠨ ᠡᠵᠡᠨ ᠪᠠ ᠡᠷᠬᠢᠨ ᠲᠣᠭᠤᠷᠢᠨ ᠤ ᠤᠯᠠᠨ ᠲᠦᠮᠡᠨ ᠤ ᠬᠦᠨᠳᠦᠳᠬᠡᠯ ᠪᠠ ᠮᠠᠭᠲᠠᠭᠠᠯ ᠢ ᠣᠯᠵᠤ᠂ ᠲᠤᠭᠳᠠᠬᠤ ᠶᠢᠨ ᠪᠠᠴᠢᠮ ᠪᠠᠶᠢᠳᠠᠯ ᠢ ᠠᠷᠭᠠᠴᠠᠬᠤ ᠬᠥᠮᠥᠰ ᠲᠤ ᠦᠯᠢᠭᠡᠷ ᠳᠠᠭᠤᠷᠢᠶᠠᠯ ᠪᠣᠯᠵᠤ᠂ ᠨᠡᠩ ᠴᠤ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠤᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1