ᠪᠠᠶᠠᠷ ᠤᠨ ᠮᠡᠳᠡᠭᠡ︕ ᠲᠤᠭᠳᠠᠬᠤ ᠰᠢᠶᠠᠨ ᠤ ᠲᠥᠯᠥᠭᠡᠯᠡᠭᠴᠢᠳ ᠤᠨ ᠠᠩᠭᠢ ᠪᠦᠬᠦ ᠣᠷᠣᠨ ᠤ ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2023/6/15
      ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠵᠤ᠂ ᠪᠣᠯᠪᠠᠰᠤᠷᠠᠯ ᠢᠶᠠᠷ ᠳᠡᠭᠡᠭᠰᠢᠯᠡᠯᠲᠡ ᠶᠢ ᠠᠬᠢᠭᠤᠯᠵᠤ᠂ ᠡᠷᠡᠭᠦᠯ ᠴᠢᠭᠢᠷᠠᠭ ᠢ ᠠᠬᠢᠭᠤᠯᠤᠨ᠎ᠠ᠃ 6 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠡᠭᠦᠨᠭᠠᠷ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠭᠰᠠᠨ 2023 ᠣᠨ ᠤ ᠨᠠᠢᠮᠠᠳᠤᠭᠠᠷ ᠬᠤᠭᠤᠴᠠᠭᠠᠨ ᠤ ᠪᠥᠬᠦ ᠣᠷᠣᠨ ᠤ ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠥᠨᠳᠥᠷᠯᠡᠪᠡ᠃ ᠲᠣᠭᠲᠠᠬᠤ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠥᠯᠥᠭᠡᠯᠡᠭᠴᠢᠳ ᠤᠨ ᠠᠩᠭᠢ ᠬᠠᠮᠲᠤ ᠶᠢᠨ ᠲᠦᠷᠦᠯ ᠵᠦᠢᠯ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠢ᠃
     ᠲᠤᠰ ᠤᠳᠠᠭ᠎ᠠ ᠶᠢᠨ ᠤᠷᠤᠯᠳᠤᠭᠠᠨ ᠳᠤ ᠪᠦᠬᠦ ᠣᠷᠣᠨ ᠤ ᠵᠠᠭᠤ ᠭᠠᠷᠤᠢ ᠲᠥᠯᠥᠭᠡᠯᠡᠭᠴᠢᠳ ᠤᠨ ᠠᠩᠭᠢ ᠶᠢ ᠣᠷᠣᠯᠴᠠᠭᠤᠯᠵᠤ᠂ ᠮᠠᠨ ᠤ ᠣᠷᠣᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠡᠶ᠎ᠡ ᠶᠢᠨ ᠲᠠᠮᠢᠷ ᠤᠨ ᠲᠦᠷᠦᠯ ᠵᠦᠢᠯ ᠢ ᠲᠦᠭᠡᠮᠡᠯᠵᠢᠭᠦᠯᠬᠦ ᠪᠠ ᠳᠡᠯᠭᠡᠷᠡᠭᠦᠯᠬᠦ ᠶᠢ ᠠᠬᠢᠭᠤᠯᠵᠤ᠂ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠪᠦᠬᠦ ᠣᠷᠣᠨ ᠤ ᠵᠠᠭᠤ ᠭᠠᠷᠤᠢ ᠲᠥᠯᠥᠭᠡᠯᠡᠭᠴᠢᠳ ᠤᠨ ᠠᠩᠭᠢ ᠶᠢ ᠤᠷᠤᠯᠳᠤᠭᠠᠨ ᠳᠤ ᠣᠷᠣᠯᠴᠠᠭᠤᠯᠵᠠᠢ᠃
     ᠲᠣᠭᠲᠠᠬᠤ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠲᠥᠯᠥᠭᠡᠯᠡᠭᠴᠢᠳ ᠤᠨ ᠠᠩᠭᠢ  ᠨᠢ ᠵᠢᠯ ᠲᠤᠷᠰᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠢ ᠪᠣᠯᠪᠠᠰᠤᠷᠠᠬᠤ ᠶᠢ ᠪᠠᠷᠢᠮᠲᠠᠯᠠᠵᠤ᠂ ᠭᠡᠰᠢᠭᠦᠳ ᠨᠢ ᠴᠥᠮ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠥᠰ ᠪᠠ ᠠᠰᠢᠭ ᠬᠦᠷᠲᠡᠭᠴᠢ ᠪᠣᠯᠣᠨ᠎ᠠ᠃ ᠲᠤᠰ ᠤᠳᠠᠭ᠎ᠠ ᠶᠢᠨ ᠤᠷᠤᠯᠳᠤᠭᠠᠨ ᠳᠤ᠂ ᠲᠠᠮᠢᠷᠴᠢᠳ ᠡᠳᠦᠷ ᠪᠦᠷᠢ ᠨᠠᠷᠢᠨ ᠬᠢᠨᠠᠮᠠᠭᠠᠢ ᠪᠣᠯᠪᠠᠰᠤᠷᠠᠬᠤ ᠶᠢ ᠪᠠᠷᠢᠮᠲᠠᠯᠠᠵᠤ᠂ ᠬᠥᠳᠡᠯᠭᠡᠭᠡᠨ ᠢᠶᠠᠨ ᠬᠦᠯᠢᠴᠡᠩᠭᠦᠢ ᠨᠠᠷᠢᠨ ᠨᠢᠮᠪᠠᠢ ᠳᠦᠷᠢᠮᠵᠢᠭᠦᠯᠵᠦ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠯᠴᠠᠨ ᠵᠥᠪᠳᠡᠯᠴᠡᠵᠦ ᠰᠤᠷᠤᠯᠴᠠᠪᠠ᠃ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ · ᠠᠮᠠᠷᠬᠠᠨ ᠰᠢᠷᠪᠦᠰᠦ ᠶᠢ ᠬᠥᠳᠡᠯᠭᠡᠬᠦ ᠪᠠᠷ ᠳᠠᠮᠵᠢᠨ ᠲᠡᠨᠢᠢᠯᠭᠡᠵᠦ᠂ ᠪᠡᠶ᠎ᠡ ᠮᠠᠬᠠᠪᠤᠳ ᠤᠨ ᠤᠶᠠᠨ ᠬᠠᠳᠠᠨ ᠴᠢᠨᠠᠷ᠂ ᠵᠣᠬᠢᠴᠠᠯᠳᠤ ᠴᠢᠨᠠᠷ ᠲᠤ ᠥᠨᠳᠥᠷ ᠱᠠᠭᠠᠷᠳᠠᠯᠭ᠎ᠠ ᠲᠠᠯᠪᠢᠵᠤ᠂ ᠲᠠᠮᠢᠷᠴᠢᠳ ᠲᠤ ᠨᠡᠩ ᠢᠯᠡᠭᠦᠦ ᠰᠢᠷᠭᠠᠭᠤ ᠬᠥᠳᠡᠯᠮᠦᠷᠢ ᠬᠦᠴᠦ ᠵᠠᠷᠤᠴᠠᠭᠤᠯᠵᠤ᠂ ᠪᠦᠯᠬᠦᠮ ᠤᠨ ᠬᠢᠨ ᠢᠳᠡᠪᠬᠢᠲᠡᠢ ᠥᠭᠡᠳᠡᠷᠬᠡᠭ ᠡᠶ᠎ᠡ ᠵᠣᠬᠢᠴᠠᠯ ᠲᠠᠢ ᠪᠠᠶᠠᠰᠤᠩᠭᠤᠢ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠴᠦᠰ ᠲᠡᠭᠡᠨ ᠢᠷᠠᠭᠤ ᠠᠯᠳᠠᠷ ᠢ ᠣᠯᠣᠭᠰᠠᠨ ᠪᠠᠶᠢᠨ᠎ᠠ︕      ᠪᠡᠶ᠎ᠡ ᠮᠠᠬᠠᠪᠤᠳ ᠡᠷᠡᠭᠦᠯ ᠴᠢᠭᠢᠷᠠᠭ᠂ ᠥᠨᠢ ᠤᠳᠠᠭᠠᠨ ᠲᠡᠦᠬᠡ ᠪᠠ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠪᠡᠶ᠎ᠡ ᠰᠤᠪᠢᠯᠠᠯᠲᠠ ᠶᠢᠨ ᠲᠠᠮᠢᠷ ᠤᠨ ᠵᠦᠢᠯ ᠪᠣᠯᠣᠨ᠎ᠠ᠃ ᠲᠣᠭᠲᠠᠬᠤ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠥᠰ ᠦᠷᠭᠦᠯᠵᠢᠯᠡᠨ ᠪᠠᠷᠢᠮᠲᠠᠯᠠᠵᠤ᠂ ᠰᠢᠷᠭᠠᠭᠤ ᠪᠣᠯᠪᠠᠰᠤᠷᠠᠵᠤ᠂ ᠡᠨᠡ ᠬᠦ ᠲᠠᠮᠢᠷ ᠤᠨ ᠬᠥᠳᠡᠯᠭᠡᠭᠡᠨ ᠢ ᠪᠠᠳᠠᠷᠠᠭᠤᠯᠤᠨ ᠲᠡᠯᠭᠡᠷᠡᠭᠦᠯᠵᠦ᠂ ᠢᠷᠡᠭᠡᠳᠦᠢ ᠳᠤ ᠳᠠᠬᠢᠨᠲᠠ ᠰᠢᠯᠢᠳᠡᠭ ᠪᠦᠲᠦᠮᠵᠢ ᠣᠯᠬᠤ ᠶᠢ ᠬᠦᠰᠡᠵᠦ ᠪᠠᠶᠢᠨ᠎ᠠ︕ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1