ᠲᠤᠭᠳᠠᠬᠤ ᠰᠢᠶᠠᠨ ᠤ ᠪᠠᠶᠢᠴᠠᠭᠠᠬᠤ ᠬᠤᠷᠢᠶᠠᠨ ᠤ ︽ᠭᠤᠷᠪᠠ ᠶᠢ ᠴᠢᠩᠭᠠᠳᠬᠠᠬᠤ︾ ᠠᠵᠢᠯᠯᠠᠭ᠎ᠠ ᠨᠢ ᠪᠠᠶᠢᠴᠠᠭᠠᠬᠤ ᠡᠩᠨᠡᠭᠡᠨ ᠤ ᠶᠡᠷᠦᠩᠬᠡᠢ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/6/16
      ᠪᠠᠶᠢᠴᠠᠭᠠᠬᠤ ᠡᠩᠨᠡᠭᠡᠨ ᠤ ᠲᠤᠰᠬᠠᠶᠢᠵᠢᠯᠲᠠ᠂ ᠵᠢᠷᠤᠮᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠤᠯᠠᠨ ᠲᠠᠯ᠎ᠠ ᠠᠴᠠ ᠪᠣᠳᠣᠯᠬᠢᠯᠠᠭᠰᠠᠨ ᠢᠶᠠᠷ ᠪᠠᠷᠠᠬᠤ ᠦᠭᠡᠢ ᠪᠠᠰᠠ ᠪᠠᠶᠢᠴᠠᠭᠠᠬᠤ ᠲᠤᠬᠠᠶᠢᠯᠠᠭᠰᠠᠨ ᠠᠵᠢᠯ ᠢ ᠳᠡᠭᠡᠭᠰᠢᠯᠡᠭᠦᠯᠬᠦ ᠬᠡᠷᠡᠭᠴᠡᠭᠡ ᠶᠢ ᠪᠦᠬᠦ ᠲᠠᠯ᠎ᠠ ᠪᠠᠷ ᠰᠤᠳᠤᠯᠤᠨ ᠮᠠᠭᠠᠳᠯᠠᠵᠤ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠨᠠᠷᠢᠨ ᠨᠢᠮᠪᠠᠢ ᠪᠠᠶᠢᠷᠢᠯᠠᠭᠤᠯᠵᠤ᠂ ᠰᠤᠷᠤᠯᠴᠠᠯᠭ᠎ᠠ ᠪᠠᠨ ᠴᠢᠩᠭᠠᠳᠬᠠᠵᠤ ᠂ ᠵᠠᠯᠠᠭᠤ ᠪᠠᠶᠢᠴᠠᠭᠠᠬᠤ ᠠᠵᠢᠯᠲᠠᠳ ᠤᠨ ᠶᠡᠷᠦᠩᠬᠡᠶᠢᠯᠡᠭᠰᠡᠨ ᠬᠡᠪ ᠴᠢᠳᠠᠪᠤᠷᠢ ᠵᠢᠴᠢ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢᠨ ︽ᠬᠤᠣᠰ ᠳᠡᠭᠡᠭᠰᠢᠯᠡᠯᠲᠡ︾ ᠶᠢ ᠠᠬᠢᠭᠤᠯᠵᠤ᠂ ᠪᠠᠶᠢᠴᠠᠭᠠᠬᠤ ᠠᠵᠢᠯ ᠢ ᠲᠠᠰᠤᠷᠠᠯᠲᠠ ᠦᠭᠡᠢ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠳᠠᠪᠠᠵᠤ ᠭᠠᠷᠬᠤ ᠪᠠᠷ ᠨᠡᠬᠡᠮᠵᠢᠯᠡᠬᠦ ᠶᠢ ᠠᠬᠢᠭᠤᠯᠵᠤ᠂ ᠪᠠᠶᠢᠴᠠᠭᠠᠬᠤ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ︽ᠲᠤᠶᠢᠯ ᠳᠤᠨᠢ ᠲᠤᠯᠲᠠᠯ᠎ᠠ ᠴᠢᠷᠮᠠᠶᠢᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠪᠠ᠃      ᠤᠯᠤᠰ ᠲᠥᠷᠥ ᠶᠢᠨ ᠳᠠᠪᠲᠠᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠲᠦᠷᠦᠭᠦᠯᠡᠨ ᠰᠤᠷᠤᠯᠴᠠᠬᠤ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠬᠠᠮᠲᠤ ᠶᠢᠨ ᠰᠤᠷᠤᠯᠴᠠᠯᠭ᠎ᠠ᠂ ᠤᠨᠤᠯ ᠤᠨ ᠳᠤᠭᠤᠶᠢᠯᠠᠩ ᠤᠨ ᠶᠠᠷᠢᠯᠴᠠᠭᠠᠨ ᠤ ᠰᠤᠷᠤᠯᠴᠠᠯᠭ᠎ᠠ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠤᠯᠤᠰ ᠲᠦᠷᠦ ᠶᠢᠨ ᠤᠨᠤᠯ ᠤᠨ ᠬᠥᠮᠦᠵᠢᠯ ᠢ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠦᠬᠦ ᠶᠠᠪᠤᠴᠠ ᠳᠤ ᠠᠭᠤᠰᠤᠯᠴᠠᠭᠤᠯᠤᠨ᠎ᠠ᠃ ᠭᠤᠣᠯ ᠳᠤᠭᠤᠶᠢᠯᠠᠩ ᠤᠨ ᠤᠨᠤᠯ ᠰᠤᠷᠤᠯᠴᠠᠬᠤ ᠬᠤᠷᠠᠯ ᠢ 4 ᠤᠳᠠᠭ᠎ᠠ᠂ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠬᠤᠷᠠᠯ ᠢ 4 ᠤᠳᠠᠭ᠎ᠠ ᠬᠤᠷᠠᠯᠳᠤᠭᠤᠯᠵᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠶᠢ 2 ᠤᠳᠠᠭ᠎ᠠ ᠥᠷᠨᠢᠭᠦᠯᠵᠦ᠂ ︽ᠥᠷᠯᠥᠭᠡ ᠶᠢᠨ ᠰᠤᠷᠭᠠᠭᠤᠯᠢ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠢᠮᠠᠭᠲᠠ ᠲᠤᠤᠱᠯᠠᠭᠤᠯᠬᠤ ᠶᠢ ᠪᠠᠲᠤᠯᠠᠵᠠᠢ᠃ ᠡᠭᠦᠨ ᠤ ᠵᠡᠷᠭᠡᠴᠡᠭᠡᠪᠡᠷ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠶᠡᠭᠡ ᠪᠠᠷ ᠬᠡᠷᠡᠭᠵᠢᠭᠦᠯᠵᠦ᠂ ᠵᠠᠯᠠᠭᠤ ᠪᠠᠶᠢᠴᠠᠭᠠᠬᠤ ᠠᠵᠢᠯᠲᠠᠨ ᠢ ᠨᠠᠮ ᠤᠨ ᠰᠤᠷᠭᠠᠭᠤᠯᠢ᠂ ᠪᠠᠶᠢᠴᠠᠭᠠᠬᠤ ᠲᠤᠰᠢᠶᠠᠯᠲᠠᠨ ᠤ ᠳᠡᠭᠡᠳᠦ ᠰᠤᠷᠭᠠᠭᠤᠯᠢ ᠵᠡᠷᠭᠡ ᠪᠣᠯᠪᠠᠰᠤᠷᠠᠯ ᠤᠨ ᠠᠷᠭ᠎ᠠ ᠵᠠᠮ ᠤᠨ ᠭᠤᠣᠯ ᠵᠢᠭᠰᠠᠭᠠᠯ ᠤᠨ ᠭᠠᠵᠠᠷ ᠲᠤ ᠲᠥᠯᠥᠪᠯᠡᠭᠡ ᠲᠠᠢ ᠪᠠᠷ ᠲᠣᠬᠢᠷᠠᠭᠤᠯᠤᠨ ᠰᠢᠰᠲ᠋ᠧᠮ ᠲᠠᠢ ᠤᠯᠤᠰ ᠲᠦᠷᠦ ᠶᠢᠨ ᠤᠨᠤᠯ ᠤᠨ ᠬᠥᠮᠦᠵᠢᠯ ᠬᠢᠯᠭᠡᠵᠦ᠂ ᠪᠠᠶᠢᠴᠠᠭᠠᠬᠤ ᠠᠵᠢᠯᠲᠠᠨ ᠤ ᠲᠥᠷᠥᠯᠬᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠨᠢ ᠤᠷᠳᠤ ᠬᠤᠭᠤᠴᠠᠭ᠎ᠠ ᠪᠠᠷ ᠳᠡᠭᠡᠭᠰᠢᠯᠡᠭᠦᠯᠦᠨ᠎ᠡ᠃      ᠴᠢᠳᠠᠪᠤᠷᠢᠲᠠᠨ ᠤ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ      ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠬᠤ ᠶᠢ ᠪᠠᠷᠢᠮᠲᠠᠯᠠᠵᠤ᠂ ᠪᠠᠶᠢᠴᠠᠭᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠪᠦᠬᠦ ᠬᠦᠷᠢᠶᠡᠯᠡᠩ ᠤᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤ ᠪᠠᠶᠢᠴᠠᠭᠠᠬᠤ ᠠᠵᠢᠯᠲᠠᠨ ᠢ ᠰᠣᠩᠭᠤᠨ ᠲᠣᠮᠢᠯᠠᠵᠤ ᠳᠡᠭᠡᠳᠦ ᠱᠠᠲᠤᠨ ᠤ ᠵᠣᠬᠢᠶᠠᠨ ᠪᠠᠶᠢᠭᠤᠯᠤᠭᠰᠠᠨ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠤᠨ ᠤᠷᠤᠯᠳᠤᠭᠠᠨ ᠳᠤ ᠢᠳᠡᠪᠬᠢᠲᠡᠢ ᠣᠷᠣᠯᠴᠠᠭᠤᠯᠵᠤ᠂ ᠵᠠᠯᠠᠭᠤ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠ ᠰᠤᠷᠤᠯᠴᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠬᠡᠷᠡᠭᠯᠡᠬᠦ ᠶᠢ ᠠᠬᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠳᠣᠲᠣᠷ ᠲᠠᠮᠢᠷ︾ ᠢ ᠰᠢᠷᠭᠠᠭᠤ ᠪᠣᠯᠪᠠᠰᠤᠷᠠᠭᠤᠯᠬᠤ ᠶᠢ ᠲᠦᠯᠬᠢᠨ ᠠᠬᠢᠭᠤᠯᠵᠤ᠂ ᠪᠠᠶᠢᠴᠠᠭᠠᠬᠤ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠡᠭᠦᠨ ᠤ ᠵᠡᠷᠭᠡᠴᠡᠭᠡᠪᠡᠷ᠂ ᠤᠯᠤᠰ ᠲᠦᠷᠦ ᠶᠢᠨ ᠬᠡᠪ ᠴᠢᠨᠠᠷ ᠢᠶᠠᠷ ᠰᠠᠶᠢᠨ᠂ ᠠᠵᠢᠯ ᠤᠨ ᠢᠯᠡᠷᠡᠯ ᠢᠶᠠᠷ ᠲᠣᠪᠣᠶᠢᠮ᠎ᠠ᠂ ᠯᠠᠪᠳᠠᠭᠤᠨ ᠪᠠᠲᠤᠲᠠᠢ ᠪᠠᠷ ᠳᠠᠪᠲᠠᠭᠳᠠᠨ ᠪᠣᠯᠪᠠᠰᠤᠷᠠᠭᠰᠠᠨ ᠰᠢᠯᠢᠳᠡᠭ ᠵᠠᠯᠠᠭᠤ ᠺᠠᠳ᠋ᠷᠴᠤᠳ ᠢ ᠵᠣᠷᠢᠭᠲᠠᠢ ᠪᠠᠷ ᠳᠡᠪᠰᠢᠭᠦᠯᠦᠨ ᠬᠡᠷᠡᠭᠯᠡᠬᠦ ᠶᠢᠨ ᠬᠠᠮᠲᠤ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠲᠡᠳᠡᠨ ᠢ ᠲᠤᠰᠬᠠᠢ ᠮᠡᠷᠭᠡᠵᠢᠯ ᠢ ᠨᠢ ᠬᠠᠮᠤᠭ ᠠᠴᠠ ᠰᠠᠶᠢᠨ ᠪᠠᠳᠠᠷᠠᠭᠤᠯᠵᠤ ᠴᠢᠳᠠᠬᠤ ᠠᠵᠢᠯ ᠤᠨ ᠪᠠᠶᠢᠷᠢᠨ ᠳᠤ ᠰᠣᠩᠭᠤᠨ ᠲᠣᠬᠢᠷᠠᠭᠤᠯᠵᠤ᠂ ᠰᠢᠯᠢᠳᠡᠭ ᠵᠠᠯᠠᠭᠤ ᠺᠠᠳ᠋ᠷᠴᠤᠳ ᠢ ᠬᠤᠪᠢ ᠬᠤᠪᠢᠨ ᠤ ᠠᠪᠢᠶᠠᠰ ᠴᠢᠳᠠᠪᠤᠷᠢ ᠶᠢ ᠨᠢ ᠪᠠᠳᠠᠷᠠᠭᠤᠯᠤᠨ᠂ ᠠᠮᠢᠳᠤ ᠴᠣᠪᠣᠭᠤᠯᠢᠭ ᠵᠠᠯᠠᠭᠤ ᠺᠠᠳ᠋ᠷᠴᠤᠳ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠬᠡᠷᠡᠭᠯᠡᠬᠦ ᠲᠠᠯ᠎ᠠ ᠪᠠᠷ ᠱᠠᠲᠤᠯᠵᠢᠨ ᠡᠩᠨᠡᠭᠡ ᠲᠠᠢ᠂ ᠰᠣᠩᠭᠤᠬᠤ ᠲᠠᠯ᠎ᠠ ᠪᠠᠷ ᠣᠷᠣᠨ ᠵᠠᠢ ᠲᠠᠢ ᠪᠣᠯᠭᠠᠬᠤ ᠶᠢ ᠪᠡᠶᠡᠯᠡᠭᠦᠯᠦᠨ᠎ᠡ᠃      ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ      ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠤᠨ᠎ᠠ︔ ︽ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ︾᠂ ︽ᠪᠠᠶᠢᠴᠠᠭᠠᠬᠤ ᠠᠵᠢᠯᠲᠠᠨ ᠤ ᠦᠶᠯᠡ ᠠᠵᠢᠯᠯᠠᠭ᠎ᠠ ᠶᠢᠨ ᠵᠢᠷᠤᠮᠵᠢᠯ ᠤᠨ ᠠᠮᠠᠯᠠᠯᠲᠠ ᠶᠢᠨ ᠪᠢᠴᠢᠭ︾᠂ ︽ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ︾ ᠠᠷᠪᠠ ᠶᠢ ᠴᠢᠩᠭ᠎ᠠ ᠴᠠᠭᠠᠵᠠᠯᠠᠬᠤ ︽ᠠᠮᠠᠯᠠᠯᠲᠠ ᠶᠢᠨ ᠪᠢᠴᠢᠭ︾ ᠳᠤ ᠱᠠᠲᠤ ᠱᠠᠲᠤ ᠪᠠᠷ ᠭᠠᠷ ᠤᠨ ᠥᠰᠥᠭ ᠵᠢᠷᠤᠪᠠ︔ ᠪᠠᠶᠢᠴᠠᠭᠠᠬᠤ ᠠᠵᠢᠯᠲᠠᠳ ᠤᠨ ᠨᠠᠢᠮᠠᠨ ᠴᠠᠭ ᠠᠴᠠ ᠭᠠᠳᠠᠨᠠᠬᠢ ᠬᠠᠮᠢᠶᠠᠷᠤᠯᠲᠠ ᠶᠢ ᠴᠢᠩᠳᠠᠯᠠᠵᠤ᠂ ᠲᠡᠷᠭᠡ ᠬᠥᠰᠬᠡ ᠶᠢ ᠬᠠᠮᠢᠶᠠᠷᠬᠤ᠂ ᠠᠵᠢᠯ ᠳᠤ ᠭᠠᠷᠬᠤ ᠶᠢ ᠰᠢᠯᠭᠠᠬᠤ ᠴᠢᠯᠦᠭᠡ ᠭᠤᠶᠤᠬᠤ᠂ ᠴᠢᠯᠦᠭᠡ ᠲᠠᠶᠢᠯᠬᠤ ᠵᠡᠷᠭᠡ ᠳᠦᠷᠢᠮ ᠲᠣᠭᠲᠠᠭᠠᠯ ᠢ ᠡᠷᠡᠰ ᠨᠠᠶᠢᠳᠠᠪᠤᠷᠢᠵᠢᠭᠤᠯᠪᠠ︔ ᠪᠦᠬᠦ ᠬᠤᠷᠢᠶᠠᠨ ᠤ ᠬᠡᠪᠴᠢᠶᠡᠨ ᠳᠤ ᠰᠡᠷᠡᠮᠵᠢᠯᠡᠭᠦᠯᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠠᠶᠢᠴᠠᠭᠠᠬᠤ ᠠᠵᠢᠯᠲᠠᠳ ᠢ ᠵᠣᠬᠢᠶᠠᠨ ᠪᠠᠶᠢᠭᠤᠯᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠤᠷᠤᠯᠴᠠᠭᠤᠯᠬᠤ ᠶᠢᠨ ᠬᠠᠮᠲᠤ ᠣᠯᠣᠯᠲᠠ ᠲᠥᠷᠥᠭᠳᠡᠯ ᠢᠶᠠᠨ ᠪᠢᠴᠢᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠤᠰᠬᠠᠢ ᠰᠡᠳᠦᠪ ᠢᠶᠠᠷ ᠲᠠᠶᠢᠯᠪᠤᠷᠢᠯᠠᠵᠤ᠂ ᠪᠠᠶᠢᠴᠠᠭᠠᠬᠤ ᠠᠵᠢᠯᠲᠠᠳ ᠤᠨ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠮᠥᠵᠢᠭᠦᠯᠦᠨ ᠬᠥᠲᠥᠯᠥᠨ ᠵᠢᠯᠣᠭᠤᠳᠪᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1