ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠭᠡᠮ ᠢ ᠭᠦᠢᠴᠡᠳᠬᠡᠬᠦ | ᠬᠠᠮᠢᠶ᠎ᠠ ᠪᠦᠬᠦᠢ ᠠᠰᠠᠭᠤᠳᠠᠯ ᠢ ᠰᠢᠯᠢᠳᠡᠭᠵᠢᠭᠦᠯᠦᠨ ᠵᠢᠷᠤᠮᠵᠢᠭᠤᠯᠬᠤ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ︽ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ | ᠭᠡᠮ ᠢ ᠭᠦᠢᠴᠡᠳᠬᠡᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠢᠷᠤᠮᠵᠢᠭᠤᠯᠬᠤ ᠬᠠᠮᠢᠶ᠎ᠠ ᠪᠥᠬᠦᠶ ᠵᠦᠢᠯᠡᠰ ᠤᠨ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ | ᠬᠢᠷᠢ ᠬᠡᠮ ᠢ ᠭᠤᠶᠤᠴᠢᠯᠠᠨ ᠮᠡᠳᠡᠭᠦᠯᠬᠦ ᠵᠦᠢᠯᠡᠰ ᠢ ᠲᠣᠳᠣᠷᠬᠠᠶ ᠲᠣᠭᠲᠠᠭᠠᠵᠠᠶ᠃ ᠥᠷᠭᠡᠨ ᠣᠯᠠᠨ ᠠᠵᠤ ᠠᠬᠤᠶᠢᠯᠠᠯ | ᠣᠯᠠᠨ ᠲᠦᠮᠡᠨ ᠢ ᠬᠠᠪᠰᠤᠷᠤᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠤᠯᠠᠮ ᠨᠢᠭᠡ ᠠᠯᠬᠤᠮ ᠣᠢᠯᠠᠭᠠᠬᠤ ᠶᠢᠨ | ᠲᠤᠰᠠᠳᠠ᠂ ᠳᠣᠣᠷ᠎ᠠ ᠤᠶᠢᠷ᠎ᠠ ᠶᠢᠨ ᠬᠤᠭᠤᠴᠠᠭᠠᠨ ᠳᠤ ᠣᠯᠠᠨ ᠠᠩᠬᠠᠷᠤᠭᠳᠠᠵᠤ ᠪᠠᠶᠢᠭ᠎ᠠ ᠠᠰᠠᠭᠤᠳᠠᠯ ᠳᠤ | ᠲᠠᠢᠯᠪᠤᠷᠢᠯᠠᠯᠲᠠ ᠬᠢᠪᠡ᠃ | ᠪᠠᠶᠢᠩᠭᠤ ᠲᠣᠬᠢᠶᠠᠯᠳᠤᠳᠠᠭ ᠠᠰᠠᠭᠤᠯᠲᠠ ︵1︶ ᠠᠯᠢ ᠬᠡᠳᠦᠨ ᠠᠶᠢᠮᠠᠭ ᠬᠤᠲᠠ ᠨᠢ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠨᠠᠶᠢᠳᠠᠭᠰᠠᠨ ᠬᠢᠨᠠᠨ ᠪᠠᠶᠢᠴᠠᠭᠠᠬᠤ ᠲᠤᠷᠰᠢᠯᠲᠠ ᠶᠢᠨ ᠴᠡᠭ | ᠪᠣᠯᠬᠤ ᠪᠤᠢ︖ | ᠬᠠᠷᠢᠭᠤᠯᠲᠠ᠄ 2023 ᠣᠨ ᠤ 6 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠢᠨᠠᠨ | ᠵᠥᠪᠰᠢᠶᠡᠷᠡᠬᠦ ᠡᠷᠬᠡ ᠶᠢᠨ ᠬᠡᠪᠴᠢᠶᠡᠨ ᠳᠣᠲᠣᠷᠠᠬᠢ ᠬᠡᠰᠡᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ | ᠬᠤᠶᠠᠳᠤᠭᠠᠷ ᠳᠡᠰ ᠤᠨ ᠬᠢᠷᠢ ᠬᠡᠮ ᠤᠨ ᠠᠩᠬ᠎ᠠ ᠭᠤᠶᠤᠴᠢᠯᠠᠬᠤ ᠪᠠ ᠲᠥᠷᠥᠯ ᠵᠦᠢᠯ ᠨᠡᠮᠡᠯᠲᠡ ᠶᠢᠨ ᠵᠦᠢᠯᠡᠰ ᠤᠨ | ᠲᠤᠷᠰᠢᠯᠲᠠ ᠶᠢᠨ ᠴᠡᠭ ᠢ ᠬᠥᠬᠡᠬᠤᠲᠠ ︵ᠬᠤᠷᠢᠨᠭᠡᠷ ᠰᠢᠨ᠎ᠡ ᠲᠣᠭᠤᠷᠢᠭ ᠢ ᠪᠠᠭᠲᠠᠭᠠᠨ᠎ᠠ︶᠂ ᠪᠤᠭᠤᠲᠤ ᠬᠤᠲᠠ᠂ | ᠣᠷᠳᠣᠰ ᠬᠤᠲᠠ᠂ ᠤᠯᠠᠭᠠᠨᠴᠠᠪ ᠬᠤᠲᠠ᠂ ᠲᠦᠩᠯᠢᠶᠣᠤ ᠬᠤᠲᠠ ᠪᠠ ᠤᠯᠠᠭᠠᠨᠬᠠᠳᠠ ᠬᠤᠲᠠ ᠵᠡᠷᠭᠡ 6 ᠬᠤᠲᠠ ᠶᠢᠨ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ | ᠨᠠᠶᠢᠳᠠᠵᠤ ᠭᠥᠯᠢᠶᠡᠨ ᠠᠪᠴᠤ ᠬᠢᠨᠠᠨ ᠪᠠᠶᠢᠴᠠᠯᠭᠠᠪᠠ᠃ | ᠬᠢᠨᠠᠨ ᠪᠠᠶᠢᠴᠠᠭᠠᠯᠭᠠᠬᠤ ᠲᠤᠷᠰᠢᠯᠲᠠ ᠶᠢᠨ ᠴᠡᠭ ᠢᠶᠠᠷ ᠨᠠᠶᠢᠳᠠᠭᠰᠠᠨ ᠦᠭᠡᠶ ᠭᠠᠵᠠᠷ ᠣᠷᠣᠨ ᠨᠤᠭᠤᠳ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠢ ᠮᠡᠳᠡᠭᠦᠯᠬᠦ ᠶᠠᠪᠤᠳᠠᠯ ᠢ ᠮᠥᠨ ᠬᠦ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠦᠯᠢᠶᠡᠨ ᠠᠪᠴᠤ ᠬᠢᠨᠠᠨ | ᠪᠠᠶᠢᠴᠠᠭᠠᠨ᠎ᠠ᠃ | ᠪᠠᠶᠢᠩᠭᠤ ᠲᠣᠬᠢᠶᠠᠯᠳᠤᠳᠠᠭ ᠠᠰᠠᠭᠤᠯᠲᠠ ︵2︶ ᠲᠡᠭᠡᠪᠡᠯ ᠬᠡᠷᠬᠢᠨ ᠨᠠᠶᠢᠳᠠᠭᠰᠠᠨ ᠲᠤᠷᠰᠢᠯᠲᠠ ᠶᠢᠨ | ᠴᠡᠭ ᠲᠤ ᠭᠤᠶᠤᠴᠢᠯᠠᠬᠤ ᠠᠵᠢᠯ ᠢ ᠭᠦᠢᠴᠡᠳᠬᠡᠬᠦ ᠪᠤᠢ︖ | ᠬᠠᠷᠢᠭᠤᠯᠲᠠ᠄ | 1. ᠠᠵᠤ ᠠᠬᠤᠶᠢᠯᠠᠯ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶ᠎ᠡ ᠳᠤ ᠭᠠᠷᠴᠤ᠂ ᠭᠦᠢᠴᠡᠳᠬᠡᠬᠦ ᠴᠢᠬᠤᠯᠠᠲᠠᠶ ᠵᠦᠢᠯᠡᠰ ᠢᠶᠠᠨ ᠰᠣᠩᠭᠤᠨ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠪᠴᠠᠩ︾ ︵ᠳᠣᠷᠣᠭᠰᠢ ︽ᠬᠢᠨᠠᠨ ᠵᠥᠪᠰᠢᠶᠡᠷᠡᠬᠦ | ᠲᠠᠪᠴᠠᠩ︾ ᠭᠡᠵᠦ ᠲᠣᠪᠴᠢᠯᠠᠨ᠎ᠠ︶ ᠳᠤ ᠣᠷᠣᠵᠤ ᠭᠤᠶᠤᠴᠢᠯᠠᠬᠤ ᠮᠠᠲ᠋ᠧᠷᠢᠶᠠᠯ ᠢᠶᠠᠨ ᠳᠠᠮᠵᠢᠭᠤᠯᠤᠨ᠎ᠠ᠃ | 2. ᠲᠤᠷᠰᠢᠯᠲᠠ ᠶᠢᠨ ᠭᠠᠵᠠᠷ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠢ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠲᠠᠪᠴᠠᠩ ᠳᠤ ᠬᠦᠯᠢᠶᠡᠨ ᠠᠪᠴᠤ ᠰᠢᠢᠳᠪᠦᠷᠢᠯᠡᠬᠦ ᠶᠢᠨ | ᠬᠠᠮᠲᠤ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠢᠯᠡ | ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃ | 3.ᠲᠤᠷᠰᠢᠯᠲᠠ ᠶᠢᠨ ᠭᠠᠵᠠᠷ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ᠢ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠲᠠᠪᠴᠠᠩ ᠢᠶᠠᠷ ᠳᠠᠮᠵᠢᠭᠤᠯᠤᠨ ᠬᠢᠨᠠᠨ ᠪᠠᠶᠢᠴᠠᠭᠠᠭᠰᠠᠨ | ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠳᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠵᠠᠷᠯᠠᠨ | ᠨᠡᠶᠢᠲᠡᠯᠡᠵᠦ᠂ ᠡᠯᠧᠺᠲᠷᠣᠨ ᠦᠨᠡᠮᠯᠡᠯ ᠬᠠᠷᠭᠤᠭᠤᠯᠤᠨ ᠣᠯᠭᠤᠨ᠎ᠠ᠃ | ᠪᠠᠶᠢᠩᠭᠤ ᠲᠣᠬᠢᠶᠠᠯᠳᠤᠳᠠᠭ ᠠᠰᠠᠭᠤᠯᠲᠠ ︵3︶ ᠶᠠᠮᠠᠷ ᠶᠠᠮᠠᠷ ᠬᠢᠷᠢ ᠬᠡᠮ ᠢ ᠨᠠᠶᠢᠳᠠᠵᠤ ᠲᠤᠷᠰᠢᠯᠲᠠ ᠶᠢᠨ | ᠴᠡᠭ ᠢᠶᠠᠷ ᠬᠢᠨᠠᠨ ᠪᠠᠶᠢᠴᠠᠭᠠᠯᠭᠠᠵᠤ ᠪᠣᠯᠬᠤ ᠪᠣᠶ︖ | ᠬᠠᠷᠢᠭᠤᠯᠲᠠ᠄ | ᠠᠰᠠᠭᠤᠨ ᠯᠠᠪᠯᠠᠬᠤ ᠠᠷᠭ᠎ᠠ ᠬᠡᠯᠪᠡᠷᠢ | ᠬᠡᠷᠪᠡ ᠰᠢᠢᠳᠪᠦᠷᠢᠯᠡᠬᠦ ᠶᠠᠪᠤᠴᠠ ᠳᠤ ᠪᠠᠰᠠ ᠬᠦᠴᠢᠷᠳᠡᠯ ᠲᠤᠯᠭᠠᠷᠠᠪᠠᠯ᠂ ᠲᠠ ᠪᠠᠰᠠ ᠡᠶᠢᠮᠦ ᠠᠷᠭ᠎ᠠ ᠪᠠᠷ | ᠰᠢᠢᠳᠪᠦᠷᠢᠯᠡᠵᠦ ᠪᠣᠯᠣᠨ᠎ᠠ᠄ | 1᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠯᠪᠠᠨ ᠤ ᠰᠦᠯᠵᠢᠶ᠎ᠡ ︱ ᠲᠤᠰᠬᠠᠢ ᠰᠡᠳᠦᠪ ᠲᠤᠰᠬᠠᠢ ᠪᠤᠯᠤᠩ ︱ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠲᠤᠰᠬᠠᠢ ᠪᠤᠯᠤᠩ ︱ ᠪᠠᠶᠢᠩᠭᠤ ᠲᠣᠬᠢᠶᠠᠯᠳᠤᠬᠤ ᠠᠰᠠᠭᠤᠳᠠᠯ ᠢ ᠲᠤᠪᠴᠢᠳᠠᠵᠦ᠂ ᠬᠤᠯᠪᠣᠭᠳᠠᠯ | ᠪᠦᠬᠦᠢ ᠠᠭᠤᠯᠭ᠎ᠠ ᠶᠢ ᠪᠠᠶᠢᠴᠠᠭᠠᠨ ᠯᠠᠪᠯᠠᠵᠤ ᠪᠤᠯᠤᠨ᠎ᠠ᠃ | 2᠂ ᠠᠰᠠᠭᠤᠨ ᠯᠠᠪᠯᠠᠬᠤ ᠤᠲᠠᠰᠤ᠄ 0471—6945165᠂ 6945002 | | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ | |