ᠦᠨᠳᠦᠷ ᠳᠤᠯᠠᠭᠠᠨ ᠳᠤ ᠭᠡᠷ ᠤᠨ ᠭᠠᠳᠠᠨ᠎ᠠ ᠠᠵᠢᠯᠯᠠᠭᠰᠠᠳ ᠤᠨ ᠬᠠᠯᠠᠭᠤᠨ ᠠᠴᠠ ᠵᠠᠶᠢᠯᠠᠵᠤ ᠠᠮᠠᠷᠠᠬᠤ ᠳᠤ ᠳᠥᠭᠦᠮ ᠦᠵᠡᠬᠦᠯᠬᠦ ᠶᠢᠨ ᠲᠤᠰᠠᠳᠠ ︽2023 ᠣᠨ ᠤ ᠠᠵᠢᠯᠲᠠᠨ ᠠᠵᠢᠯᠴᠢᠨ ᠤ ᠨᠠᠷᠠᠰᠢᠬᠤ ᠶᠢ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/6/16
            ᠪᠥᠬᠦ ᠤᠯᠤᠰ ᠤᠨ ᠡᠯ᠎ᠡ ᠭᠠᠵᠠᠷ ᠵᠤᠨ ᠤ ᠤᠯᠠᠷᠢᠯ ᠤᠨ ᠥᠨᠳᠥᠷ ᠳᠤᠯᠠᠭᠠᠨ ᠠᠭᠤᠷ ᠠᠮᠢᠰᠬᠤᠯ ᠳᠤ ᠵᠠᠯᠭᠠᠭ᠎ᠠ ᠪᠠᠷ ᠣᠷᠤᠪᠠ᠃ ᠠᠵᠢᠯ ᠤᠨ ᠪᠠᠶᠢᠷᠢ ᠳᠡᠭᠡᠷᠡᠬᠢ  ᠨᠠᠷᠠᠰᠢᠯᠲᠠ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠥᠨᠳᠥᠷ ᠳᠤᠯᠠᠭᠠᠨ ᠪᠠ ᠥᠨᠳᠥᠷ ᠳᠤᠯᠠᠭᠠᠨ ᠤᠷᠴᠢᠨ ᠳᠤ ᠠᠵᠢᠯᠯᠠᠬᠤ ᠬᠦᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠤᠴᠠᠷᠠᠭᠤᠯᠬᠤ ᠬᠤᠤᠷ ᠬᠥᠨᠥᠭᠡᠯ ᠢ ᠪᠠᠭᠤᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠣᠶᠢᠷ᠎ᠠ ᠳᠤ ︽2023 ᠣᠨ ᠤ ᠠᠵᠢᠯᠲᠠᠨ ᠠᠵᠢᠯᠴᠢᠨ ᠤ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠮᠡᠳᠡᠭᠳᠡᠯ︾ ᠳᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠠᠵᠢᠯᠳᠠᠨ ᠠᠵᠢᠯᠴᠢᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠣᠨᠴᠠᠯᠢᠭ ᠪᠣᠯᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯᠳᠠᠨ ᠠᠵᠢᠯᠴᠢᠨ ᠳᠤ ᠦᠢᠯᠡᠴᠢᠯᠡᠬᠦ ᠣᠨᠣᠪᠴᠢᠲᠤ ᠴᠢᠨᠠᠷ ᠪᠣᠯᠤᠨ ᠪᠣᠯᠤᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠵᠤᠨ ᠤ ᠤᠯᠠᠷᠢᠯ ᠳᠤ ᠭᠠᠳᠠᠨ᠎ᠠ ᠠᠵᠢᠯᠯᠠᠵᠤ ᠪᠠᠶᠢᠭ᠎ᠠ ᠪᠠᠷᠠᠭᠠᠨ ᠤ ᠭᠦᠢᠯᠭᠡᠭᠡ᠂ ᠴᠠᠬᠢᠯᠭᠠᠨ ᠬᠦᠴᠦ᠂ ᠪᠠᠷᠢᠯᠭ᠎ᠠ᠂ ᠣᠷᠴᠢᠨ ᠲᠣᠭᠤᠷᠢᠨ ᠤ  ᠴᠡᠪᠡᠷᠯᠡᠯ ᠵᠡᠷᠭᠡ ᠠᠵᠢᠯ ᠲᠦᠷᠦᠯ ᠪᠣᠯᠤᠨ ᠦᠢᠯᠡᠳᠪᠦᠷᠢᠯᠡᠯ ᠤᠨ ᠴᠢᠨᠠᠷᠲᠠᠢ ᠢᠯᠴᠢ ᠶᠢᠨ ᠢᠷᠡᠯᠲᠡ ᠲᠠᠢ ᠦᠨᠳᠦᠷ ᠬᠠᠯᠠᠭᠤᠨ ᠪᠦᠬᠦᠢ ᠠᠵᠢᠯᠯᠠᠭᠠᠨ ᠤ ᠲᠠᠯᠠᠪᠤᠷ ᠤᠨ ᠠᠵᠢᠯᠯᠠᠭᠰᠠᠳ ᠲᠤ ᠰᠡᠷᠢᠭᠦᠴᠡᠯᠦᠭᠡ ᠶᠢᠨ ᠪᠣᠳᠠᠰ ᠬᠦᠷᠭᠡᠬᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠪᠣᠯᠪᠠᠰᠤᠷᠠᠯ᠂ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ᠂ ᠬᠠᠤᠯᠢ ᠴᠠᠭᠠᠵᠠ  ᠪᠠᠷ ᠡᠷᠬᠡ ᠪᠠᠨ ᠬᠠᠮᠠᠭᠠᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠰᠡᠷᠢᠬᠦᠦ ᠬᠦᠷᠭᠡᠬᠦ︾ ᠵᠡᠷᠭᠡ ᠬᠦᠳᠡᠯᠭᠡᠭᠡᠨ ᠢ ᠢᠳᠡᠪᠬᠢᠲᠡᠢ ᠦᠷᠨᠢᠭᠦᠯᠦᠨ᠎ᠡ᠃ ︽ᠵᠢᠯᠣᠭᠤᠴᠢ ᠶᠢᠨ ᠭᠡᠷ︾᠂ ᠬᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠴᠡᠭ᠂ ᠠᠵᠢᠯᠴᠢᠨ ᠤ ᠡᠪᠯᠡᠯ ᠢ ᠬᠠᠪᠰᠤᠷᠤᠨ ᠲᠡᠳᠬᠦᠬᠦ ︵ ᠦᠢᠯᠡᠴᠢᠯᠡᠭᠡ︶ ᠲᠥᠪ ᠵᠡᠷᠭᠡ ᠦᠢᠯᠡᠴᠢᠯᠡᠭᠡᠨ ᠤ ᠲᠦᠬᠦᠭᠡᠷᠦᠮᠵᠢ ᠶᠢᠨ ᠴᠢᠳᠠᠮᠵᠢ ᠶᠢ ᠢᠳᠡᠪᠬᠢᠲᠡᠶ ᠥᠷᠭᠡᠳᠬᠡᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠭᠤᠤᠯᠳᠠᠯᠭ᠎ᠠ ᠲᠠᠢ ᠬᠠᠪᠰᠤᠷᠤᠨ ᠪᠣᠳᠠᠲᠠᠶ ᠠᠰᠠᠭᠤᠳᠠᠯ ᠢ ᠨᠢ  ᠰᠢᠢᠳᠪᠦᠷᠢᠯᠡᠵᠦ᠂ ᠥᠨᠳᠥᠷ ᠬᠠᠯᠠᠭᠤᠨ ᠴᠠᠭ ᠠᠭᠤᠷ ᠲᠤ ᠬᠡᠷ ᠤᠨ ᠭᠠᠳᠠᠨ᠎ᠠ ᠠᠵᠢᠯᠯᠠᠭᠰᠠᠳ ᠲᠤ ᠬᠠᠯᠠᠭᠤᠨ ᠠᠴᠠ ᠵᠠᠶᠢᠯᠠᠵᠤ ᠠᠮᠠᠷᠠᠬᠤ ᠳᠤ ᠲᠥᠬᠦᠮ ᠦᠵᠡᠭᠦᠯᠦᠨ᠎ᠡ ᠭᠡᠵᠦ ᠲᠤᠷᠠᠳᠪᠠ᠃      ︽ᠮᠡᠳᠡᠭᠳᠡᠯ︾ ᠳᠤ᠂ ᠠᠵᠢᠯᠲᠠᠨ ᠠᠵᠢᠯᠴᠢᠨ ᠤ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠪᠣᠯ ᠨᠢᠭᠡ ᠵᠦᠢᠯ ᠤᠨ ᠤᠯᠠᠷᠢᠯ ᠤᠨ ᠴᠢᠨᠠᠷ ᠢᠶᠠᠷ ᠮᠠᠰᠢ ᠴᠢᠩᠭ᠎ᠠ ᠬᠥᠳᠡᠯᠮᠦᠷᠢ ᠶᠢᠨ ᠬᠠᠮᠠᠭᠠᠯᠠᠯᠲᠠ ᠶᠢᠨ ᠠᠵᠢᠯ ᠮᠥᠨ᠂ ᠲᠡᠷᠡ ᠨᠢ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠃ ᠡᠯ᠎ᠡ ᠱᠠᠲᠤᠨ ᠤ ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠥᠨᠳᠥᠷ ᠬᠠᠯᠠᠭᠤᠨ ᠳᠠᠬᠢ ᠠᠵᠢᠯ ᠪᠠ ᠠᠵᠢᠯᠯᠠᠭᠰᠠᠳ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠠᠪᠤᠳᠠᠯ ᠢ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠳᠤ ᠦᠢᠯᠡᠴᠢᠯᠡᠬᠦ᠂ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠴᠢᠬᠤᠯᠠ ᠠᠭᠤᠯᠭ᠎ᠠ ᠪᠣᠯᠭᠠᠵᠤ᠂ ᠠᠵᠢᠯᠴᠢᠨ ᠤ ᠡᠪᠯᠡᠯ ᠤᠨ ᠠᠵᠢᠯ ᠤᠨ ᠡᠳᠦᠷ ᠲᠤᠲᠤᠮ ᠤᠨ ᠵᠥᠪᠯᠡᠯᠭᠡᠨ ᠤ ᠴᠢᠬᠤᠯᠠ  ᠵᠦᠢᠯ ᠳᠡᠭᠡᠨ ᠣᠷᠣᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠤᠨ ᠤ ᠤᠯᠠᠷᠢᠯ ᠤᠨ ᠥᠨᠳᠥᠷ ᠬᠠᠯᠠᠭᠤᠨ ᠴᠠᠭ ᠠᠭᠤᠷ ᠠᠴᠠ ᠪᠣᠯᠵᠤ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠳᠤ ᠠᠰᠢᠭ ᠦᠭᠡᠶ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠡᠯ᠎ᠡ ᠱᠠᠲᠤᠨ ᠤ ᠠᠵᠢᠯᠴᠢᠨ ᠤ ᠡᠪᠯᠡᠯ ᠨᠢ ᠠᠵᠢᠯᠴᠢᠨ ᠤ ᠡᠪᠯᠡᠯ ᠤᠨ ᠬᠠᠤᠯᠢ ᠴᠠᠭᠠᠵᠠ ᠠᠴᠠ ᠣᠯᠭᠤᠭᠰᠠᠨ ᠣᠯᠠᠨ ᠲᠦᠮᠡᠨ ᠳᠤ ᠬᠢᠨᠠᠯᠲᠠ ᠲᠠᠯᠪᠢᠬᠤ ᠡᠭᠦᠷᠭᠡ ᠪᠠᠨ ᠬᠢᠨᠠᠮᠠᠭᠠᠶ ᠭᠦᠢᠴᠡᠳᠬᠡᠵᠦ᠂ ᠬᠥᠮᠦᠨ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠨᠠᠷᠠᠰᠢᠬᠤ ᠠᠴᠠ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠴᠢᠨᠠᠷᠲᠠᠶ ᠨᠠᠷᠠᠰᠢᠯᠲᠠ ᠶᠢᠨ ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠶᠢ ᠬᠠᠪᠰᠤᠷᠤᠨ ᠰᠢᠮᠳᠠᠭᠤᠯᠵᠤ ᠪᠠᠶᠢᠭᠠᠳ ᠨᠠᠷᠠᠰᠢᠬᠤ ᠠᠴᠠ ᠰᠡᠷᠭᠡᠶᠢᠯᠡᠬᠦ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠠᠷᠠᠰᠢᠬᠤ ᠠᠴᠠ ᠰᠡᠷᠭᠡᠶᠢᠯᠡᠬᠦ ᠠᠵᠢᠯ ᠤᠨ ᠲᠥᠰᠦᠯ ᠪᠣᠯᠤᠨ ᠥᠨᠳᠥᠷ ᠬᠠᠯᠠᠭᠤᠨ ᠤ ᠳᠤᠮᠳᠠ ᠨᠠᠷᠠᠰᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠠᠵᠢᠯᠯᠠᠭᠰᠠᠳ ᠢ ᠲᠥᠯᠥᠭᠡᠯᠡᠨ ᠥᠨᠳᠥᠷ ᠬᠠᠯᠠᠭᠤᠨ ᠳᠤ ᠠᠵᠢᠯᠯᠠᠬᠤ ᠪᠠ ᠥᠨᠳᠥᠷ ᠬᠠᠯᠠᠭᠤᠨ ᠳᠤ ᠠᠵᠢᠯᠯᠠᠬᠤ ᠬᠥᠳᠡᠯᠮᠦᠷᠢ ᠶᠢᠨ ᠬᠠᠮᠠᠭᠠᠯᠠᠯᠲᠠ ᠶᠢᠨ ᠵᠦᠢᠯᠡᠰ ᠤᠨ ᠲᠤᠬᠠᠶ ᠬᠥᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ ᠵᠥᠪᠳᠡᠯᠴᠡᠵᠦ᠂ ᠬᠠᠮᠲᠤ ᠶᠢᠨ ᠭᠡᠷ᠎ᠡ ᠪᠤᠶᠤ ᠥᠨᠳᠥᠷ ᠬᠠᠯᠠᠭᠤᠨ ᠳᠤ ᠠᠵᠢᠯᠯᠠᠬᠤ ᠪᠠ ᠥᠨᠳᠥᠷ ᠬᠠᠯᠠᠭᠤᠨ ᠳᠤ ᠠᠵᠢᠯᠯᠠᠬᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠰᠬᠠᠶ ᠵᠦᠢᠯ ᠤᠨ ᠬᠠᠮᠲᠤ ᠶᠢᠨ ᠭᠡᠷ᠎ᠡ ᠲᠤᠭᠳᠠᠨ᠎ᠠ᠃ ᠬᠥᠮᠦᠨ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠦᠢᠯᠡᠳᠪᠦᠷᠢᠯᠡᠯ ᠤᠨ ᠲᠤᠬᠠᠶ ᠶᠢᠨ ᠲᠠᠯᠠᠪᠠᠶ ᠶᠢ ᠵᠦᠢ ᠵᠣᠬᠢᠰᠲᠠᠶ ᠪᠠᠶᠢᠷᠢᠰᠢᠭᠤᠯᠤᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠪᠣᠯᠤᠨ ᠠᠵᠢᠯᠯᠠᠬᠤ ᠴᠤᠪᠤᠷᠠᠯ ᠢ ᠨᠢ ᠰᠠᠶᠢᠵᠢᠷᠠᠭᠤᠯᠵᠤ᠂ ᠠᠵᠢᠯᠯᠠᠬᠤ ᠴᠠᠭ ᠢ ᠵᠦᠢ ᠵᠣᠬᠢᠰᠲᠠᠶ ᠲᠣᠬᠢᠷᠠᠭᠤᠯᠤᠨ᠂ ᠠᠵᠢᠯᠲᠠᠨ ᠠᠵᠢᠯᠴᠢᠨ ᠳᠤ ᠴᠢᠬᠤᠯᠠ ᠪᠦᠬᠦᠢ ᠬᠤᠪᠢ ᠶᠢᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠣᠯᠤᠨ ᠥᠨᠳᠥᠷ ᠳᠤᠯᠠᠭᠠᠨ ᠳᠤ ᠠᠵᠢᠯᠯᠠᠵᠤ ᠠᠮᠠᠷᠠᠬᠤ ᠭᠠᠵᠠᠷ ᠬᠠᠩᠭᠠᠵᠤ᠂ ᠲᠣᠭᠲᠠᠭᠠᠯ ᠶᠣᠰᠣᠭᠠᠷ ᠥᠨᠳᠥᠷ ᠬᠠᠯᠠᠭᠤᠨ ᠤ ᠨᠡᠮᠡᠭᠦᠷᠢ ᠵᠡᠷᠭᠡ ᠶᠢ ᠣᠯᠭᠤᠬᠤ ᠬᠡᠷᠡᠭᠲᠡᠶ᠃ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1