ᠲᠣᠭᠲᠠᠬᠤ ᠰᠢᠶᠠᠨ ᠤ 2023 ᠣᠨ ᠤ ᠵᠤᠨ ᠤ ᠤᠯᠠᠷᠢᠯ ᠤᠨ ᠵᠢᠭᠠᠰᠤᠨ ᠠᠵᠤ ᠠᠬᠤᠢ ᠶᠢᠨ ᠦᠷᠡᠵᠢᠯᠲᠡ ᠶᠢ ᠴᠢᠯᠦᠭᠡᠲᠡᠢ ᠲᠠᠯᠪᠢᠬᠤ ᠠᠵᠢᠯᠯᠠᠭ᠎ᠠ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/6/2
      ︽ᠲᠣᠭᠲᠠᠬᠤ ᠰᠢᠶᠠᠨ ᠤ 2023 ᠣᠨ ᠤ ᠲᠥᠪ ᠤᠨ ᠡᠳ᠋ ᠤᠨ ᠵᠠᠰᠠᠭ ᠤᠨ ᠵᠢᠭᠠᠰᠤᠨ ᠠᠵᠤ ᠠᠬᠤᠢ ᠶᠢᠨ ᠦᠷᠡᠵᠢᠯ ᠢ ᠴᠢᠯᠦᠭᠡᠲᠡᠢ ᠲᠠᠯᠪᠢᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠲᠣᠬᠢᠷᠠᠭᠤᠯᠤᠯᠲᠠ ᠶᠣᠰᠣᠭᠠᠷ᠂ 2023 ᠣᠨ ᠤ 6 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨᠡᠬᠢ 10᠄ 00 ᠴᠠᠭ ᠲᠤ ᠬᠠᠲᠤᠨ ᠭᠤᠣᠯ ᠤᠨ ᠲᠤᠭᠳᠠᠬᠤ ᠰᠢᠶᠠᠨ ᠤ ᠵᠢᠦᠢ ᠾᠧ ᠲᠠᠨ ᠤ ᠬᠠᠲᠤᠨ ᠭᠤᠣᠯ ᠤᠨ ᠶᠡᠭᠡ ᠬᠥᠭᠦᠷᠭᠡ ᠶᠢᠨ ᠳᠣᠣᠷ᠎ᠠ ᠵᠣᠨ ᠤ ᠤᠯᠠᠷᠢᠯ ᠤᠨ ᠵᠢᠭᠠᠰᠤᠨ ᠠᠵᠤ ᠠᠬᠤᠢ ᠶᠢᠨ ᠦᠷᠡᠵᠢᠯᠲᠡ ᠶᠢ ᠴᠢᠯᠦᠭᠡᠲᠡᠢ ᠲᠠᠯᠪᠢᠬᠤ ᠠᠵᠢᠯᠯᠠᠭ᠎ᠠ ᠬᠢᠬᠦ ᠪᠠᠷ ᠲᠥᠯᠥᠪᠯᠡᠵᠦ ᠪᠣᠶ᠂ ᠲᠣᠰ ᠤᠳᠠᠭᠠᠨ ᠤ ᠴᠢᠯᠦᠭᠡᠲᠡᠢ ᠲᠠᠯᠪᠢᠬᠤ ᠠᠵᠢᠯᠯᠠᠭ᠎ᠠ ᠶᠢ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠪᠣᠳᠠᠲᠠᠢ ᠬᠡᠷᠡᠭᠵᠢᠭᠦᠯᠵᠦ᠂ ᠬᠤᠳᠠᠯᠳᠤᠨ ᠠᠪᠬᠤ ᠪᠠ ᠦᠨ᠎ᠡ ᠯᠠᠪᠯᠠᠬᠤ ᠬᠠᠷᠢᠴᠠᠭᠤᠯᠤᠯ ᠢᠶᠠᠷ ᠳᠡᠮᠵᠢᠨ᠂ ᠲᠣᠭᠲᠠᠬᠤ ᠰᠢᠶᠠᠨ ᠤ ᠳ᠋ᠠ ᠵᠧᠩ ᠳᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠵᠢᠭᠠᠰᠤᠨ ᠤ ᠵᠢᠷᠠᠭᠠᠬᠠᠢ ᠶᠢᠨ ᠲᠥᠷᠥᠯ ᠤᠨ ᠪᠠᠷᠠᠭ᠎ᠠ ᠬᠠᠩᠭᠠᠬᠤ ᠨᠢᠭᠡᠴᠡ ᠪᠠᠷ ᠲᠣᠭᠲᠠᠭᠠᠪᠠ᠃ ᠲᠣᠰ ᠤᠳᠠᠭᠠᠨ ᠤ ᠠᠵᠢᠯᠯᠠᠭ᠎ᠠ ᠳᠤ ᠵᠢᠱᠢᠯᠲᠡ ᠪᠠᠷ᠂ ᠤᠰᠤᠨ ᠤ ᠠᠮᠢᠳᠤ ᠪᠣᠳᠠᠰ ᠤᠨ ᠵᠢᠷᠠᠭᠠᠬᠠᠢ ᠶᠢᠨ ᠦᠷ᠎ᠡ ᠨᠡᠶᠢᠲᠡ 460 ᠲᠦᠮᠡ ︵ᠡᠭᠦᠨ ᠳᠤ ᠠᠯᠠᠭᠠᠨ᠎ᠠ ᠰᠣᠭᠤᠰᠤ 200 ᠲᠦᠮᠡ᠂ ᠳᠠᠬᠤ ᠵᠢᠭᠠᠰᠤ 200 ᠲᠦᠮᠡ᠂ ᠠᠮᠤᠷ ᠵᠢᠭᠠᠰᠤ 60 ᠲᠦᠮᠡ ᠪᠣᠶ︶ ᠶᠢ ᠲᠠᠯᠪᠢᠵᠤ ᠭᠠᠷᠭᠠᠬᠤ ᠪᠣᠯᠣᠨ᠎ᠠ᠃ ᠲᠤᠬᠠᠢ ᠶᠢᠨ ᠦᠶ᠎ᠡ ᠳᠤ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠪᠣᠯᠣᠨ ᠥᠷᠭᠡᠨ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠵᠤ᠂ ᠬᠠᠳᠤᠨ ᠭᠤᠣᠯ ᠤᠨ ᠤᠰᠤᠨ ᠤ ᠠᠮᠢ ᠠᠬᠤᠢ ᠶᠢᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠵᠤ᠂ ᠵᠢᠭᠠᠰᠤᠨ ᠠᠵᠤ ᠠᠬᠤᠢ ᠶᠢᠨ ᠠᠵᠤ ᠠᠬᠤᠢ ᠪᠣᠯᠣᠨ ᠡᠬᠢ ᠪᠠᠶᠠᠯᠢᠭ ᠣᠷᠴᠢᠨ ᠠᠬᠤᠢ ᠶᠢᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠶᠢ ᠪᠠᠶᠠᠷᠯᠠᠨ ᠤᠭᠳᠤᠶ᠎ᠠ᠃      ᠢᠯᠡᠴᠢᠯᠡᠨ ᠮᠡᠳᠡᠭᠦᠯᠬᠦ ᠬᠢᠨᠠᠯᠲᠠ ᠲᠠᠯᠪᠢᠬᠤ ᠤᠲᠠᠰᠤ᠄ 0471-8515567         ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ                 2023 ᠣᠨ ᠤ 5  ᠳ᠋ᠤᠭᠠᠷ ᠰᠠᠷ᠎ᠠ ᠶᠢᠨ 30 ᠤ ᠡᠳᠦᠷᠢᠷᠡᠯᠳᠡ᠄ ᠲᠤᠭᠳᠠᠬᠤ ᠰᠢᠶᠠᠨ ᠤ ᠵᠠᠰᠠᠭ ᠤᠨ ᠤᠷᠳᠤᠨ ᠤ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1