ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠶᠡᠬᠡᠪᠡᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠬᠤ ᠶᠢᠨ ᠲᠦᠯᠦᠭᠡ᠂ ᠲᠤᠰ ᠰᠠᠷ᠎ᠠ ᠳᠤ ᠵᠠᠰᠠᠭ ᠤᠨ ᠣᠷᠳᠣᠨ ᠤ ᠠᠯᠪᠠᠨ ᠭᠡᠷ ᠠᠴᠠ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠪᠡ᠃ | | | ᠲᠣᠭᠲᠠᠬᠤ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠯᠪᠠᠨ ᠭᠡᠷ ᠤᠨ ᠪᠦᠬᠦ ᠺᠠᠳ᠋ᠷᠴᠤᠳ ᠢ ᠵᠤᠬᠢᠶᠠᠨ | ᠪᠠᠶᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠰᠤᠷᠤᠯᠴᠠᠵᠤ᠂ ᠡᠭᠦᠨ ᠤ ᠬᠠᠮᠲᠤ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠦᠨᠳᠦᠰᠦᠲᠡᠨ ᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠰᠢᠯᠭᠠᠯᠲᠠ ᠶᠢ ᠦᠷᠨᠢᠭᠦᠯᠪᠡ᠃ | ᠦᠨᠳᠦᠰᠦᠲᠡᠨ ᠨᠦᠭᠦᠳ ᠤᠨ ᠺᠠᠳ᠋ᠷᠴᠤᠳ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠣᠶᠢᠯᠠᠭᠠᠬᠤ ᠨᠤᠷᠮ᠎ᠠ | ᠪᠠ ᠲᠦᠭᠡᠮᠡᠯᠵᠢᠭᠦᠯᠬᠦ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠢᠷᠡᠯᠳᠡ᠄ ᠲᠤᠭᠳᠠᠬᠤ ᠰᠢᠶᠠᠨ ᠤ ᠵᠠᠰᠠᠭ ᠤᠨ ᠤᠷᠳᠤᠨ ᠤ ᠰᠦᠯᠵᠢᠶ᠎ᠡ |