ᠣᠶᠢᠷ᠎ᠠ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠣᠨ ᠳᠡᠭᠡᠳᠦ | ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠤᠳᠤᠷᠢᠳᠤᠯᠭ᠎ᠠ ᠳᠣᠣᠷ᠎ᠠ᠂ ᠲᠤᠭᠳᠠᠬᠤ ᠰᠢᠶᠠᠨ ᠤ ᠴᠠᠭ | ᠠᠭᠤᠷ ᠤᠨ ᠲᠣᠪᠴᠢᠶ᠎ᠠ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠳᠤ ᠦᠢᠯᠡᠴᠢᠯᠡᠵᠦ᠂ ︽ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠵᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ︾ ᠴᠠᠭ ᠠᠭᠤᠷ ᠤᠨ ᠲᠠᠷᠢᠶᠠᠯᠠᠩ ᠳᠤ | ᠦᠢᠯᠡᠴᠢᠯᠡᠬᠦ ᠰᠢᠰᠲ᠋ᠧᠮ ᠢ ᠪᠠᠶᠢᠭᠤᠯᠵᠤ᠂ ᠪᠦᠬᠦ ᠰᠢᠶᠠᠨ ᠤ 10 ᠢᠵᠢ ᠠᠦ᠋ᠲ᠋ᠣ᠋ ᠴᠠᠭ ᠠᠭᠤᠷ ᠤᠨ ᠦᠷᠳᠡᠭᠡ ᠶᠢ 5 | ᠪᠠᠯᠭᠠᠰᠤ ᠪᠠ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠲᠤ ᠨᠡᠶᠢᠳᠡᠮ ᠲᠠᠷᠬᠠᠭᠠᠵᠤ᠂ | ᠴᠠᠭ ᠠᠭᠤᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠨᠡᠩ ᠨᠠᠷᠢᠯᠢᠭ᠂ ᠨᠡᠩ ᠤᠯᠠᠨ ᠶᠠᠩᠵᠤ ᠶᠢᠨ ᠪᠣᠯᠭᠠᠵᠤ | ᠂ ᠴᠠᠭ ᠠᠭᠤᠷ ᠤᠨ ᠮᠡᠳᠡᠭᠡ ᠵᠠᠩᠭᠢ ᠶᠢ ᠳᠠᠮᠵᠢᠭᠤᠯᠬᠤ ᠬᠠᠮᠤᠭ ᠰᠡᠭᠦᠯᠴᠢ ᠶᠢᠨ ᠨᠢᠭᠡ ᠺᠢᠯᠣᠮᠧᠲᠷ ᠤᠨ ᠠᠰᠠᠭᠤᠳᠠᠯ ᠢ | ᠰᠢᠢᠳᠪᠦᠷᠢᠯᠡᠵᠦ᠂ ᠠᠰᠢᠭ ᠬᠠᠷᠠᠨ ᠬᠤᠣᠷ ᠠᠴᠠ ᠵᠠᠶᠢᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃ | | | | | 6 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠰᠢ᠂ ᠮᠠᠨ ᠤ ᠰᠢᠶᠠᠨ ᠳᠤ ᠥᠨᠳᠥᠷ ᠬᠠᠯᠠᠭᠤᠨ ᠪᠣᠷᠣᠭᠠᠨ | ᠪᠠᠭ᠎ᠠ ᠲᠠᠢ ᠠᠭᠤᠷ ᠠᠮᠢᠰᠬᠤᠯ ᠦᠷᠭᠦᠯᠵᠢᠯᠡᠵᠦ᠂ ᠠᠷᠠᠳ ᠲᠦᠮᠡᠨ ᠢ ᠳᠡᠭᠡᠳᠦᠯᠡᠬᠦ ᠠᠮᠢ ᠨᠠᠰᠤ ᠶᠢ ᠳᠡᠭᠡᠳᠦᠯᠡᠬᠦ | ᠶᠡᠷᠦᠩᠬᠡᠢ ᠬᠦᠭ ᠠᠶᠠᠰ ᠢ ᠨᠡᠩ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠳᠣᠬᠠᠨ ᠤ | ᠴᠠᠭ ᠠᠭᠤᠷ ᠤᠨ ᠨᠥᠬᠦᠴᠡᠯ ᠤᠨ ᠬᠥᠳᠡᠭᠡ ᠠᠵᠤ ᠠᠬᠤᠢ ᠳᠤ ᠦᠵᠡᠭᠦᠯᠬᠦ ᠨᠥᠯᠥᠭᠡ ᠳᠤ ᠴᠢᠭᠯᠡᠭᠦᠯᠦᠨ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠭᠠᠩ ᠬᠠᠭᠰᠠᠷᠠᠭᠠᠨ ᠤ ᠪᠠᠶᠢᠳᠠᠯ ᠤᠨ ᠲᠤᠬᠠᠢ ᠠᠩᠬᠠᠷᠤᠯ ᠢ ᠢᠳᠡᠪᠬᠢᠲᠡᠢ | ᠲᠤᠰᠬᠠᠪᠠ᠃ 6ᠳ᠋ᠤᠭᠠᠷ ᠰᠠᠷ᠎ᠠ ᠶᠢᠨ 16 ᠤ ᠡᠳᠦᠷ᠂ ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ | ᠲᠤᠬᠠᠶᠢᠯᠠᠭᠰᠠᠨ ᠠᠵᠢᠯ ᠤᠨ ᠠᠵᠢᠯᠲᠠᠳ ᠢᠶᠠᠨ ᠵᠣᠬᠢᠶᠠᠨ ᠪᠠᠶᠢᠭᠤᠯᠵᠤ ᠮᠠᠨ ᠤ ᠰᠢᠶᠠᠨ ᠤ ᠡᠯ᠎ᠡ ᠪᠠᠯᠭᠠᠰᠤᠨ ᠳᠤ | ᠴᠢᠬᠢᠭ ᠤᠨ ᠬᠡᠮᠵᠢᠯᠲᠡ ᠶᠢ ᠨᠢᠭᠲᠠ ᠬᠢᠭᠰᠡᠨ ᠪᠥᠭᠡᠳ ᠲᠠᠷᠢᠶᠠᠨ ᠭᠠᠵᠠᠷ ᠲᠤ ᠬᠦᠷᠴᠦ ᠲᠠᠷᠢᠮᠠᠯ ᠤᠨ ᠤᠷᠭᠤᠴᠠ ᠶᠢᠨ | ᠪᠠᠶᠢᠳᠠᠯ ᠢ ᠤᠶᠢᠯᠠᠭᠠᠪᠠ᠃ ᠲᠣᠰ ᠤᠳᠠᠭᠠᠨ ᠤ ᠪᠥᠬᠦ ᠰᠢᠶᠠᠨ ᠤ ᠲᠠᠷᠢᠶᠠᠨ ᠭᠠᠵᠠᠷ ᠤᠨ ᠰᠢᠷᠣᠢ ᠠᠪᠴᠤ ᠴᠢᠬᠢᠭ ᠢ | ᠬᠡᠮᠵᠢᠬᠦ ᠠᠵᠢᠯ ᠢᠶᠠᠷ ᠳᠡᠮᠵᠢᠨ᠂ ᠴᠢᠬᠢᠭ ᠤᠨ ᠪᠠᠶᠢᠳᠠᠯ ᠤᠨ ᠵᠠᠳᠠᠯᠤᠯᠲᠠ ᠶᠢᠨ ᠮᠡᠳᠡᠭᠦᠯᠦᠯᠲᠡ ᠵᠣᠬᠢᠶᠠᠵᠤ᠂ ᠰᠢᠨᠵᠢᠯᠡᠬᠦ | ᠤᠬᠠᠭᠠᠨᠴᠢ ᠪᠠᠷ ᠡᠷᠬᠡ ᠰᠦᠷ ᠲᠠᠢ ᠪᠠᠷ ᠰᠢᠶᠠᠨ ᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ | ᠲᠠᠷᠢᠶᠠᠯᠠᠩ ᠤᠨ ᠲᠣᠮᠣ ᠡᠷᠦᠬᠡ ᠳᠤ ᠮᠡᠳᠡᠭᠡ ᠵᠠᠩᠭᠢ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ | ᠦᠨᠡᠯᠡᠯᠲᠡ ᠶᠢ ᠣᠯᠣᠭᠰᠠᠨ ᠪᠠᠶᠢᠨ᠎ᠠ᠃ | | | | | ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠡᠭᠦᠷᠭᠡ ᠬᠠᠷᠢᠭᠤᠴᠠᠯᠭ᠎ᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠠᠷᠢᠶᠠᠯᠠᠩ ᠤᠨ ᠭᠠᠩ | ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠶᠢᠨ ᠭᠠᠯ ᠤᠨ ᠠᠶᠤᠯ ᠤᠨ ᠴᠠᠭ ᠠᠭᠤᠷ ᠤᠨ ᠲᠡᠰ ᠢ | ᠪᠠᠭᠤᠷᠠᠭᠤᠯᠬᠤ ᠳᠤ ᠴᠠᠭ ᠠᠭᠤᠷ ᠤᠨ ᠬᠦᠴᠦᠨ ᠢ ᠪᠠᠳᠠᠷᠠᠭᠤᠯᠤᠭᠰᠠᠭᠠᠷ ᠢᠷᠡᠵᠠᠢ᠃ ᠲᠤᠭᠳᠠᠬᠤ ᠰᠢᠶᠠᠨ ᠤ ᠴᠠᠭ | ᠠᠭᠤᠷ ᠤᠨ ᠲᠣᠪᠴᠢᠶ᠎ᠠ ᠠᠰᠢᠭᠲᠠᠢ ᠨᠥᠬᠦᠴᠡᠯ ᠢ ᠵᠠᠪᠳᠤᠨ ᠠᠳᠬᠤᠵᠤ᠂ 6 ᠳ᠋ᠤᠭᠠᠷ ᠰᠠᠷ᠎ᠠ ᠶᠢᠨ 18 ᠤ ᠡᠳᠦᠷ | ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠪᠣᠷᠣᠭᠠᠨ ᠨᠡᠮᠡᠭᠳᠡᠭᠦᠯᠬᠦ ᠲᠡᠷᠭᠡ ᠨᠢᠭᠡ᠂ ᠠᠵᠢᠯᠯᠠᠭᠴᠢ ᠭᠤᠷᠪᠠᠨ | ᠬᠥᠮᠥᠨ ᠢ ᠲᠣᠮᠢᠯᠠᠵᠤ᠂ ᠰᠢᠨ᠎ᠡ ᠶᠢᠩᠽᠢ ᠪᠠᠯᠭᠠᠰᠤ ᠪᠣᠯᠣᠨ ᠲᠠᠪᠢᠨ ᠭᠡᠷ ᠪᠠᠯᠭᠠᠰᠤᠨ ᠳᠤ ᠪᠠᠷᠠᠭᠤᠨ ᠬᠤᠶᠢᠲᠤ᠂ | ᠵᠡᠭᠦᠨ ᠡᠮᠦᠨ᠎ᠡ ᠵᠦᠭ ᠲᠤ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠠᠮᠵᠢᠯᠲᠠᠲᠠᠢ ᠥᠷᠨᠢᠭᠦᠯᠵᠦ᠂ | ᠪᠥᠬᠦ ᠰᠢᠶᠠᠨ ᠤ ᠶᠡᠬᠡᠩᠬᠢ ᠰᠢᠶᠠᠩ ᠪᠠᠯᠭᠠᠰᠤᠨ ᠳᠤ ᠮᠡᠳᠡᠭᠳᠡᠬᠦᠶᠢᠴᠡ ᠪᠣᠷᠣᠭᠠᠨ ᠣᠷᠣᠵᠠᠢ᠃ ᠡᠭᠦᠨ ᠳᠤ ᠪᠠᠭ᠎ᠠ | ᠪᠣᠷᠣᠭᠠᠨ ︵0.1 ︱ 9.9 ᠮᠢᠯᠢᠮᠧᠲᠷ︶ 5 ᠥᠷᠲᠡᠭᠡ ᠪᠠᠶᠢᠵᠤ᠂ ᠲᠤᠨᠳᠠᠰᠤᠨ ᠤ ᠲᠠᠯᠠᠪᠠᠶ ᠨᠢ 62.5% ᠶᠢ | ᠡᠵᠡᠯᠡᠵᠦ᠂ ᠳᠤᠮᠳᠠ ᠪᠣᠷᠣᠭᠠᠨ ︵10.0 ︱ 24.9 ᠮᠢᠯᠢᠮᠧᠲᠷ︶ 5 ᠥᠷᠲᠡᠭᠡ ᠪᠠᠶᠢᠵᠤ᠂ ᠲᠤᠨᠳᠠᠰᠤᠨ ᠤ | ᠲᠠᠯᠠᠪᠠᠶ ᠨᠢ 37.5% ᠶᠢ ᠡᠵᠡᠯᠡᠨ᠎ᠡ᠃ ᠬᠠᠮᠤᠭ ᠤᠨ ᠶᠡᠭᠡ ᠬᠤᠷ᠎ᠠ ᠲᠤᠨᠳᠠᠰᠤᠨ ᠤ ᠬᠡᠮᠵᠢᠶ᠎ᠡ ᠨᠢ ᠰᠢᠨ᠎ᠡ ᠶᠢᠩᠽᠢ | ᠪᠠᠯᠭᠠᠰᠤᠨ ᠳᠤ 13.8 ᠮᠢᠯᠢᠮᠧᠲᠷ ᠲᠤ ᠢᠯᠡᠷᠡᠵᠦ᠂ ᠬᠠᠮᠤᠭ ᠤᠨ ᠶᠡᠭᠡ ᠪᠣᠷᠣᠭᠠᠨ ᠤ ᠬᠡᠮᠵᠢᠶ᠎ᠡ ᠨᠢ ᠰᠢᠨ᠎ᠡ ᠶᠢᠩᠽᠢ | ᠪᠠᠯᠭᠠᠰᠤᠨ ᠤ 18 ᠤ ᠡᠳᠦᠷ ᠤᠨ 17 ᠴᠠᠭ ᠠᠴᠠ 18 ᠴᠠᠭ ᠪᠣᠯᠲᠠᠯ᠎ᠠ 5.5 ᠮᠢᠯᠢᠮᠧᠲᠷ ᠲᠤ ᠢᠯᠡᠷᠡᠵᠦ᠂ ᠲᠣᠰ | ᠤᠳᠠᠭᠠᠨ ᠤ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠠᠮᠵᠢᠯᠲᠠᠲᠠᠢ ᠬᠢᠭᠰᠡᠨ ᠨᠢ ᠭᠠᠩ | ᠬᠠᠭᠰᠠᠷᠠᠭᠠᠨ ᠤ ᠪᠠᠶᠢᠳᠠᠯ ᠢ ᠪᠦᠲᠦᠮᠵᠢᠲᠡᠶ ᠨᠠᠮᠳᠠᠭᠤᠯᠵᠤ᠂ ᠲᠠᠷᠢᠮᠠᠯ ᠤᠨ ᠬᠡᠪ ᠤᠨ ᠥᠰᠦᠯᠲᠡ ᠳᠤ ᠪᠠᠲᠤᠯᠠᠭ᠎ᠠ | ᠬᠠᠩᠭᠠᠭᠰᠠᠨ ᠪᠠᠶᠢᠨ᠎ᠠ᠃ | | | | | ᠦᠶᠡᠷ ᠤᠨ ᠬᠤᠭᠤᠴᠠᠭᠠᠨ ᠳᠠᠬᠢ ᠠᠵᠢᠭᠯᠠᠨ ᠬᠡᠮᠵᠢᠭᠰᠡᠨ ᠮᠠᠲ᠋ᠧᠷᠢᠶᠠᠯ ᠤᠨ ᠴᠠᠭ ᠲᠤᠬᠠᠶᠢᠴᠢ ᠴᠢᠨᠠᠷ᠂ | ᠣᠨᠣᠪᠴᠢᠲᠤ ᠴᠢᠨᠠᠷ ᠪᠠ ᠦᠷᠭᠦᠯᠵᠢᠯᠡᠬᠦ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠬᠠᠶᠢᠯᠠᠭᠰᠠᠨ | ᠠᠵᠢᠯ ᠤᠨ ᠠᠵᠢᠯᠲᠠᠨ ᠪᠣᠷᠣᠭᠠᠨ ᠤ ᠳᠤᠮᠳᠠᠭᠤᠷ ᠠᠦ᠋ᠲ᠋ᠣ᠋ ᠦᠷᠳᠡᠭᠡ ᠶᠢᠨ ᠬᠡᠮᠵᠢᠭᠦᠷᠯᠢᠭ ᠲᠥᠬᠦᠭᠡᠷᠦᠮᠵᠢ ᠶᠢ ᠵᠠᠪᠳᠤᠨ | ᠵᠠᠰᠠᠵᠤ ᠬᠠᠮᠠᠭᠠᠯᠠᠨ᠎ᠠ᠃ ᠲᠤᠰᠬᠠᠢ ᠮᠡᠷᠭᠡᠵᠢᠯ ᠤᠨ ᠪᠠᠲᠤᠯᠠᠭ᠎ᠠ ᠶᠢᠨ ᠠᠵᠢᠯᠲᠠᠨ ᠤ ᠵᠠᠳᠠᠯᠤᠨ ᠪᠠᠶᠢᠴᠠᠭᠠᠬᠤ᠂ ᠰᠡᠯᠪᠢᠨ | ᠵᠠᠰᠠᠬᠤ ᠪᠠᠷ ᠳᠡᠮᠵᠢᠨ᠂ ᠠᠦ᠋ᠲ᠋ᠣ᠋ ᠥᠷᠲᠡᠭᠡ ᠶᠢᠨ ᠬᠡᠪ ᠤᠨ ᠪᠠᠶᠢᠳᠠᠯ ᠢ ᠰᠡᠷᠭᠦᠭᠡᠵᠦ᠂ ᠦᠶᠡᠷ ᠤᠨ ᠬᠤᠭᠤᠴᠠᠭᠠᠨ ᠤ | ᠭᠠᠮᠰᠢᠭᠲᠤ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠢᠴᠢ | ᠨᠠᠷᠢᠯᠢᠭᠵᠢᠭᠤᠯᠤᠭᠰᠠᠨ ᠦᠢᠯᠡᠴᠢᠯᠡᠭᠡᠨ ᠳᠤ ᠪᠠᠲᠤᠯᠠᠭ᠎ᠠ ᠬᠠᠩᠭᠠᠨ᠎ᠠ᠃ | ᠬᠤᠶᠢᠰᠢᠳᠠ᠂ ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠦᠷᠭᠦᠯᠵᠢᠯᠡᠨ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠶᠢᠨ ᠳᠣᠣᠷ᠎ᠠ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠵᠠᠮ ᠨᠡᠭᠡᠭᠡᠨ ᠤᠷᠤᠭᠰᠢᠯᠠᠵᠤ᠂ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ | ᠲᠤᠭᠳᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠠᠭ ᠠᠭᠤᠷ ᠤᠨ ᠬᠦᠴᠦᠨ ᠨᠡᠮᠡᠷᠢᠯᠡᠨ᠎ᠡ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |