ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠤᠯᠤᠰ ᠲᠤ | ᠣᠳᠣ 16 ᠠᠴᠠ 24 ᠨᠠᠰᠤᠨ ᠤ ᠬᠤᠭᠤᠷᠣᠨᠳᠤᠬᠢ ᠵᠠᠯᠠᠭᠤᠴᠤᠳ ᠪᠠᠷᠤᠭ 9600 ᠭᠠᠷᠤᠢ ᠲᠦᠮᠡ ᠪᠠᠶᠢᠭ᠎ᠠ | ᠪᠦᠭᠡᠳ ᠤᠯᠠᠩᠬᠢ ᠨᠢ ᠬᠦᠳᠡᠯᠮᠦᠷᠢ ᠬᠦᠴᠤᠨ ᠤ ᠵᠠᠬ᠎ᠠ ᠲᠡᠯᠭᠡᠬᠦᠷ ᠲᠤ ᠵᠢᠩᠬᠢᠨᠢ ᠪᠠᠷ ᠤᠷᠤᠭ᠎ᠠ ᠦᠬᠡᠢ | ᠰᠤᠷᠭᠠᠭᠤᠯᠢ ᠳᠤ ᠪᠠᠶᠢᠭ᠎ᠠ ᠰᠤᠷᠤᠭᠴᠢᠳ ᠪᠤᠯᠤᠨ᠎ᠠ᠂ ᠡᠬᠦᠨ ᠳᠤ ᠬᠦᠳᠡᠯᠮᠦᠷᠢ ᠬᠦᠴᠤᠨ ᠤ ᠵᠠᠬ᠎ᠠ ᠲᠡᠯᠭᠡᠬᠦᠷ ᠲᠤ | ᠤᠷᠤᠵᠦ ᠠᠵᠢᠯ ᠡᠷᠢᠭ᠍ᠰᠡᠨ 3300 ᠭᠠᠷᠤᠢ ᠲᠦᠮᠡᠨ ᠵᠠᠯᠠᠭᠤᠴᠤᠳ ᠠᠴᠠ 2600 ᠭᠠᠷᠤᠢ ᠲᠦᠮᠡ ᠨᠢ ᠨᠢᠭᠡᠨᠳᠡ | ᠠᠵᠢᠯ ᠤᠯᠵᠦ᠂ 600 ᠭᠠᠷᠤᠢ ᠲᠦᠮᠡᠨ ᠵᠠᠯᠠᠭᠤᠴᠤᠳ ᠪᠠᠰᠠ ᠠᠵᠢᠯ ᠤᠯᠤᠭ᠎ᠠ ᠦᠬᠡᠢ ᠪᠠᠶᠢᠨ᠎ᠠ᠂ ᠲᠠᠷᠤᠢ 16 | ᠠᠴᠠ 24 ᠨᠠᠰᠤᠨ ᠤ ᠬᠤᠭᠤᠷᠣᠨᠳᠤᠬᠢ 600 ᠭᠠᠷᠤᠢ ᠲᠦᠮᠡᠨ ᠵᠠᠯᠠᠭᠤᠴᠤᠳ ᠠᠵᠢᠯ ᠠᠯᠳᠠᠭᠠᠳ ᠪᠠᠶᠢᠨ᠎ᠠ᠃ | ᠣᠯᠠᠨ ᠤᠯᠤᠰ ᠤᠨ ᠬᠥᠳᠡᠯᠮᠦᠷᠢ ᠬᠦᠴᠦᠨ ᠤ ᠪᠠᠶᠢᠭᠤᠯᠭ᠎ᠠ ᠶᠢᠨ ᠪᠠᠷᠢᠮᠵᠢᠶ᠎ᠠ ᠪᠠᠷ᠂ ᠪᠠᠶᠢᠴᠠᠭᠠᠯᠲᠠ ᠬᠢᠭᠰᠡᠨ ᠨᠢᠭᠡ | ᠭᠠᠷᠠᠭ ᠤᠨ ᠬᠤᠭᠤᠴᠠᠭᠠᠨ ᠳᠤ ᠴᠠᠯᠢᠩ ᠬᠥᠯᠥᠰᠦ ᠪᠤᠶᠤ ᠡᠵᠡᠩᠨᠡᠯᠲᠡ ᠶᠢᠨ ᠣᠷᠣᠯᠭ᠎ᠠ ᠣᠯᠬᠤ ᠵᠢᠨᠲ᠋ᠥ᠋ᠯᠥᠭᠡ ᠨᠢᠭᠡ | ᠴᠠᠭ ᠪᠤᠶᠤ ᠲᠡᠭᠦᠨ ᠠᠴᠠ ᠳᠡᠭᠡᠭᠰᠢ ᠠᠵᠢᠯᠯᠠᠭᠰᠠᠨ ᠬᠥᠮᠥᠨ ᠡᠰᠡᠬᠦᠯ᠎ᠡ ᠴᠢᠯᠦᠭᠡ ᠠᠪᠤᠭᠰᠠᠨ ᠪᠤᠶᠤ ᠲᠦᠷ | ᠵᠠᠭᠤᠷ᠎ᠠ ᠠᠵᠢᠯᠯᠠᠬᠤ ᠪᠠᠨ ᠵᠣᠭᠰᠣᠭᠰᠠᠨ ᠬᠥᠮᠥᠨ ᠢ ᠪᠦᠷ ᠠᠵᠢᠯ ᠲᠠᠢ ᠬᠥᠮᠥᠨ ᠳᠤ ᠲᠣᠭᠠᠴᠠᠵᠤ ᠪᠣᠳᠣᠳᠠᠭ ᠶᠤᠮ᠃ | ᠢᠷᠡᠯᠳᠡ᠄ ᠠᠷᠠᠳ ᠤᠨ ᠰᠦᠯᠵᠢᠶ᠎ᠡ |