ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠳᠠᠮᠢᠷ ᠤᠨ ᠳᠤᠰᠬᠤᠨ ᠤ ᠳᠤᠳᠤᠭᠠᠳᠤ ᠶᠢᠨ ᠡᠯ᠎ᠡ ᠲᠦᠷᠦᠯ ᠤᠨ ᠦᠢᠯᠡᠳᠦᠯ ᠴᠢᠳᠠᠪᠬᠢ ᠶᠢᠨ ᠳᠤᠭᠤᠷᠢᠭ ᠢ ᠠᠩᠬ᠎ᠠ ᠤᠳᠠᠭ᠎ᠠ ᠤᠯᠠᠨ ᠳᠤ ᠦᠵᠡᠭᠦᠯᠦᠯ᠎ᠡ
ᠨᠡᠶᠢᠲᠡᠯᠡᠭᠰᠡᠨ ᠴᠠᠭ᠄
2023/6/20
      ᠬᠠᠩᠵᠸᠦ ᠳᠠᠬᠢ ᠠᠽᠢᠶ᠎ᠠ ᠶᠢᠨ ᠪᠡᠶ᠎ᠡ ᠶᠢᠨ ᠳᠠᠮᠢᠷ ᠤᠨ ᠴᠤᠭᠯᠠᠭᠠᠨ ᠤ  ᠤᠷᠤᠯᠳᠤᠭᠠᠨ ᠤ ᠪᠤᠰᠤ ᠬᠠᠮᠤᠭ ᠤᠨ ᠳᠤᠮᠤ ᠤᠷᠳᠤᠨ ᠳᠠᠯᠠᠪᠠᠢ ᠪᠤᠯᠤᠭᠰᠠᠨ ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠳᠠᠮᠢᠷ ᠤᠨ ᠳᠤᠰᠬᠤᠨ ᠤ  ᠳᠤᠳᠤᠭᠠᠳᠤ ᠶᠢᠨ  ᠡᠯ᠎ᠡ ᠲᠦᠷᠦᠯ ᠤᠨ  ᠦᠢᠯᠡᠳᠦᠯ  ᠴᠢᠳᠠᠪᠬᠢ ᠶᠢᠨ  ᠳᠤᠭᠤᠷᠢᠭ ᠢ  16 ᠤ  ᠡᠳᠦᠷ  ᠠᠩᠬ᠎ᠠ  ᠤᠳᠠᠭ᠎ᠠ  ᠤᠯᠠᠨ ᠳᠤ  ᠦᠵᠡᠭᠦᠯᠵᠦ᠂ ᠠᠽᠢᠶ᠎ᠠ ᠶᠢᠨ ᠪᠡᠶ᠎ᠡ ᠶᠢᠨ ᠳᠠᠮᠢᠷ ᠤᠨ ᠳᠤᠰᠬᠤᠨ ᠤ ᠬᠢᠨ  ᠡᠨᠡ  ᠰᠠᠷ᠎ᠡ  ᠪᠠᠰᠠ  ᠰᠢᠯᠭᠠᠯᠳᠠ ᠶᠢᠨ  ᠤᠷᠤᠯᠳᠤᠭᠠᠨ ᠤ ᠬᠡᠰᠡᠭ ᠳᠠᠮᠢᠷᠴᠢᠳ ᠢᠶᠠᠨ ᠤᠭᠳᠤᠬᠤ ᠪᠠᠷ ᠪᠠᠶᠢᠨ᠎ᠠ᠃                      ᠬᠠᠩᠵᠸᠦ ᠶᠢᠨ ᠠᠽᠢᠶ᠎ᠠ ᠶᠢᠨ ᠪᠡᠶ᠎ᠡ ᠶᠢᠨ ᠳᠠᠮᠢᠷ ᠤᠨ ᠳᠤᠰᠬᠤᠨ ᠤ ᠶᠡᠷᠦᠩᠬᠡᠢ ᠳᠠᠯᠠᠪᠠᠢ ᠨᠢ 113 ᠲᠦᠮᠡᠨ ᠬᠠᠪᠳᠠᠭᠠᠢ ᠲᠦᠷᠪᠡᠯᠵᠢᠨ ᠮᠧᠲᠷ  ᠪᠠᠶᠢᠵᠤ᠂  150  ᠭᠠᠷᠤᠢ ᠪᠠᠷᠢᠮᠵᠢᠶᠠᠳᠤ ᠬᠦᠯ ᠪᠦᠮᠪᠦᠭᠡ ᠶᠢᠨ ᠳᠠᠯᠠᠪᠤᠷ ᠤᠨ ᠬᠢᠷᠢ ᠪᠠᠶᠢᠳᠠᠭ᠃ ᠠᠽᠢᠶ᠎ᠠ ᠶᠢᠨ ᠪᠡᠶ᠎ᠡ ᠶᠢᠨ ᠳᠠᠮᠢᠷ ᠤᠨ ᠤᠷᠳᠤᠨ ᠨᠢ ᠳᠠᠮᠢᠷᠴᠢᠳ ᠤᠨ ᠳᠤᠰᠬᠤᠨ᠂  ᠮᠡᠷᠭᠡᠵᠢᠯᠳᠡᠨ  ᠳᠤᠰᠢᠶᠠᠯᠳᠠᠨ ᠤ  ᠳᠤᠰᠬᠤᠨ᠂ᠬᠡᠪᠯᠡᠯ ᠮᠡᠳᠡᠭᠡᠯᠡᠯ ᠤᠨ ᠳᠤᠰᠬᠤᠨ᠂ ᠤᠯᠠᠨ ᠤᠯᠤᠰ ᠤᠨ ᠳᠤᠭᠤᠷᠢᠭ ᠪᠠ ᠤᠯᠠᠨ ᠨᠡᠶᠢᠳᠡ ᠶᠢᠨ ᠳᠤᠭᠤᠷᠢᠭ ᠢᠶᠠᠷ ᠪᠦᠷᠢᠯᠳᠦᠵᠦ᠂ ᠳᠤᠰᠬᠤᠨ ᠤ ᠳᠤᠳᠤᠷ᠎ᠡ ᠨᠡᠶᠢᠳᠡ 108 ᠪᠠᠷᠢᠯᠭ᠎ᠠ ᠲᠠᠢ᠂ ᠤᠷᠤᠯᠳᠤᠭᠠᠨ  ᠳᠡᠮᠡᠴᠡᠭᠡᠨ ᠤ  ᠦᠶ᠎ᠡ ᠪᠠᠷ  2  ᠲᠦᠮᠡ  ᠰᠢᠬᠠᠮ ᠬᠦᠮᠦᠨ ᠢ ᠪᠠᠭᠳᠠᠭᠠᠵᠤ ᠴᠢᠳᠠᠬᠤ ᠶᠤᠮ ᠪᠠᠶᠢᠨ᠎ᠠ ᠢᠷᠡᠯᠳᠡ᠄ ᠠᠷᠠᠳ ᠤᠨ ᠰᠦᠯᠵᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1