6 ᠳ᠋ᠤᠭᠠᠷ ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠨᠢ᠂ ᠡᠨᠡ ᠵᠢᠯ ᠤᠨ ᠮᠠᠨ ᠤ ᠬᠤᠲᠠ ᠶᠢᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ 6 ᠳ᠋ᠤᠭᠠᠷ ᠰᠠᠷ᠎ᠠ ᠶᠢᠨ 25 ᠤ ᠡᠳᠦᠷ ᠠᠴᠠ 27 ᠤ | ᠡᠳᠦᠷ ᠪᠣᠯᠲᠠᠯ᠎ᠠ 3 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ ᠪᠥᠬᠦ ᠬᠤᠲᠠ ᠳᠤ ᠨᠡᠶᠢᠲᠡ 29644 ᠬᠥᠮᠥᠨ | ᠰᠢᠯᠭᠠᠯᠲᠠ ᠳᠤ ᠨᠡᠷ᠎ᠡ ᠮᠡᠳᠡᠭᠦᠯᠵᠦ ︵ᠡᠭᠦᠨ ᠳᠤ ᠬᠤᠲᠠ ᠶᠢᠨ ᠳᠥᠷᠪᠡᠨ ᠲᠣᠭᠤᠷᠢᠭ ᠲᠤ 23178 ᠬᠥᠮᠥᠨ ᠪᠣᠶ︶ | ᠂ ᠨᠡᠶᠢᠲᠡ 33 ᠰᠢᠯᠭᠠᠯᠲᠠ ᠶᠢᠨ ᠴᠡᠭ᠂ 970 ᠰᠢᠯᠭᠠᠯᠲᠠ ᠶᠢᠨ ᠲᠠᠯᠠᠪᠤᠷ ᠭᠠᠷᠭᠠᠵᠠᠢ᠃ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠯᠭ᠎ᠠ ᠲᠡᠭᠦᠰᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ | ᠬᠥᠮᠥᠨ ᠤ ᠲᠤᠭ᠎ᠠ 29838 ᠪᠠᠶᠢᠵᠤ᠂ ᠨᠡᠶᠢᠲᠡ 34 ᠰᠢᠯᠭᠠᠯᠲᠠ ᠶᠢᠨ ᠴᠡᠭ᠂ 1002 ᠰᠢᠯᠭᠠᠯᠲᠠ ᠶᠢᠨ ᠲᠠᠯᠠᠪᠠᠶ | ᠭᠠᠷᠭᠠᠵᠠᠢ᠃ | ᠪᠣᠳᠠᠲᠠᠢ ᠰᠢᠯᠭᠠᠬᠤ ᠴᠠᠭ ᠪᠠ ᠬᠢᠴᠢᠶᠡᠯ ᠤᠨ ᠲᠣᠬᠢᠷᠠᠭᠤᠯᠤᠯᠲᠠ᠄ 6 ᠳ᠋ᠤᠭᠠᠷ ᠰᠠᠷ᠎ᠠ ᠶᠢᠨ 25 ᠤ ᠡᠳᠦᠷ ᠤᠨ | 8᠄ 30 ︱ 11᠄ 00 ᠬᠡᠯᠡ ᠪᠢᠴᠢᠭ᠂ 15᠄ 00 ︱ 17᠄ 00 ᠠᠩᠭ᠍ᠯᠢ ᠬᠡᠯᠡ︔ 6 ᠳ᠋ᠤᠭᠠᠷ ᠰᠠᠷ᠎ᠠ ᠶᠢᠨ | 26 ᠤ ᠡᠳᠦᠷ ᠤᠨ 8᠄ 30 - 10᠄ 30 ᠲᠣᠭᠠᠨ ᠤ ᠤᠬᠠᠭᠠᠨ᠂ 15᠄ 00 - 16᠄ 40 ᠨᠡᠶᠢᠭᠡᠮ ᠤᠨ | ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ︔ 6 ᠳ᠋ᠤᠭᠠᠷ ᠰᠠᠷ᠎ᠠ ᠶᠢᠨ 27 ᠤ ᠡᠳᠦᠷ ᠤᠨ 8᠄ 30 ︱ | 10᠄ 30 ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ︔ 14᠄ 00 ︱ 16᠄ 30 | ᠴᠥᠭᠡᠨ ᠲᠣᠭᠠᠲᠤ ᠦᠨᠳᠦᠰᠦᠲᠡᠨ ᠤ ᠬᠡᠯᠡ ᠪᠢᠴᠢᠭ︔ 17᠄ 00 ︱ 18᠄ 40 ᠠᠮᠢᠳᠤ ᠪᠣᠳᠠᠰ ᠤᠨ ᠭᠠᠵᠠᠷ | ᠵᠦᠢ ᠶᠢᠨ ᠶᠡᠷᠦᠩᠬᠡᠶᠢᠯᠡᠭᠰᠡᠨ ᠬᠢᠴᠢᠶᠡᠯ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠣᠨ︶ | ᠰᠢᠯᠭᠠᠨ᠎ᠠ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2023 ᠣᠨ ᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠳᠤ ᠢᠯᠡ ᠪᠠᠷ ᠰᠣᠷᠣᠭᠴᠢ ᠡᠯᠰᠡᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠣᠷᠣᠭᠴᠢ ᠡᠯᠰᠡᠬᠦ ᠰᠦᠯᠵᠢᠶᠡᠨ ᠤ ᠮᠡᠳᠡᠭᠡ | ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠥᠷᠭᠡᠨ ᠣᠯᠠᠨ ᠰᠢᠯᠭᠠᠭᠤᠯᠤᠭᠴᠢ ᠳᠤ ᠨᠠᠩ ᠢᠯᠡ᠂ ᠡᠷᠬᠡ ᠲᠡᠭᠰᠢ᠂ ᠲᠥᠪ ᠭᠤᠥᠯᠴᠢ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠦᠭᠭᠦᠬᠦ ᠶᠢᠨ ᠲᠦᠯᠦᠭᠡ᠂ ᠮᠠᠨ ᠤ | ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠠᠭ ᠬᠦᠴᠦ ᠪᠠᠨ ᠬᠠᠮᠲᠤᠳᠬᠠᠨ ᠬᠠᠮᠵᠢᠯᠴᠠᠵᠤ᠂ ᠡᠨᠡ | ᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠲᠣᠭᠲᠠᠭᠤᠨ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠪᠠᠲᠤᠯᠠᠵᠤ ᠪᠠᠶᠢᠨ᠎ᠠ᠃ | ᠬᠥᠬᠡᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ | ᠰᠢᠯᠭᠠᠭᠤᠯᠤᠭᠰᠠᠳ ᠲᠤ ᠦᠭᠬᠦ ᠬᠠᠯᠠᠭᠤᠨ ᠳᠣᠲᠣᠨᠣ ᠰᠠᠨᠠᠭᠤᠯᠤᠮᠵᠢ᠄ | ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠵᠤ᠂ ᠪᠠᠶᠠᠷᠯᠠᠩᠭᠤᠢ ᠪᠠᠷ ᠰᠢᠯᠭᠠᠯᠲᠠ ᠳᠤ ᠪᠡᠯᠡᠳᠬᠡᠬᠦ ᠬᠡᠷᠡᠭᠲᠡᠢ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠠᠴᠠ ᠡᠮᠦᠨ᠎ᠡ ᠢᠲᠡᠭᠡᠯ ᠲᠡᠭᠦᠯᠳᠡᠷ ᠪᠠᠶᠢᠵᠤ᠂ | ᠲᠠᠶᠢᠪᠤᠭᠤᠨ ᠰᠡᠳᠬᠢᠯᠭᠡ᠂ ᠪᠠᠶᠠᠷ ᠪᠠᠶᠠᠰᠬᠤᠯᠠᠩ ᠲᠠᠢ ᠵᠣᠷᠢᠭ ᠰᠠᠨᠠᠭ᠎ᠠ ᠪᠠ ᠲᠠᠮᠢᠷ ᠲᠡᠩᠬᠡᠭᠡ ᠲᠠᠢ ᠪᠠᠶᠢᠬᠤ ᠬᠡᠷᠡᠭᠲᠡᠢ᠃ | ᠢᠳᠡᠭᠡᠨ ᠤᠮᠳᠠᠭᠠᠨ᠂ ᠤᠭᠤᠷᠠᠭ ᠤᠨ ᠠᠭᠤᠯᠤᠭᠳᠠᠴᠠ ᠪᠠᠷ ᠨᠡᠯᠢᠶᠡᠳ ᠥᠨᠳᠥᠷ ᠢᠳᠡᠭᠡᠨ ᠢ ᠢᠯᠡᠭᠦᠦ ᠢᠳᠡᠨ᠎ᠡ︔ | ᠭᠡᠷ ᠤᠨ ᠠᠬᠠᠮᠠᠳ ᠬᠡᠦᠬᠡᠳ ᠢᠶᠠᠨ ᠢᠯᠡᠭᠦᠬᠡᠨ ᠵᠣᠷᠢᠭᠵᠢᠭᠤᠯᠪᠠᠯ ᠵᠣᠬᠢᠨ᠎ᠠ᠂ ᠳᠠᠷᠤᠯᠲᠠ ᠥᠭᠴᠦ ᠪᠣᠯᠬᠤ ᠦᠭᠡᠢ᠃ | ᠰᠢᠯᠭᠠᠯᠲᠠ ᠶᠢᠨ ᠡᠮᠦᠨ᠎ᠡ ᠨᠢᠭᠡ ᠡᠳᠦᠷ ᠤᠨ ᠣᠷᠣᠢ ᠨᠢ ︽ᠰᠥᠨᠢᠵᠢᠨ ᠠᠵᠢᠯᠯᠠᠵᠤ︾ ᠪᠣᠯᠬᠤ ᠦᠭᠡᠢ᠂ ᠬᠠᠨᠲᠠᠯ᠎ᠠ | ᠤᠨᠲᠠᠵᠤ ᠠᠮᠠᠷᠠᠬᠤ ᠬᠡᠷᠡᠭᠲᠡᠢ᠃ | ᠰᠢᠯᠭᠠᠯᠲᠠ ᠶᠢᠨ ᠲᠠᠯᠠᠪᠠᠶ ᠶᠢ ᠰᠠᠶᠢᠨ ᠮᠡᠳᠡᠵᠦ᠂ ᠠᠮᠤᠷ ᠲᠦᠪᠰᠢᠨ ᠰᠢᠯᠭᠠᠯᠲᠠ ᠳᠤ ᠣᠷᠣᠨ᠎ᠠ᠃ ᠭᠡᠷ ᠤᠨ | ᠠᠬᠠᠮᠠᠳ ᠬᠡᠦᠬᠡᠳ ᠢᠶᠠᠨ ᠰᠢᠯᠭᠠᠯᠲᠠ ᠶᠢᠨ ᠴᠡᠭ ᠪᠠ ᠰᠢᠯᠭᠠᠯᠲᠠ ᠶᠢᠨ ᠲᠠᠯᠠᠪᠤᠷ ᠤᠨ ᠪᠠᠶᠢᠷᠢ ᠶᠢ ᠤᠷᠢᠳᠴᠢᠯᠠᠨ | ᠣᠶᠢᠯᠠᠭᠠᠭᠤᠯᠬᠤ ᠶᠢᠨ ᠬᠠᠮᠲᠤ ᠰᠢᠯᠭᠠᠯᠲᠠ ᠳᠤ ᠣᠷᠣᠯᠴᠠᠬᠤ ᠵᠠᠮ ᠱᠤᠭᠤᠮ ᠪᠠ ᠵᠠᠮ ᠬᠠᠷᠢᠯᠴᠠᠭᠠᠨ ᠤ ᠪᠠᠭᠠᠵᠢ ᠪᠠᠨ | ᠵᠥᠪ ᠰᠣᠩᠭᠤᠵᠤ᠂ ᠨᠠᠭᠠᠲᠤ ᠵᠠᠬ᠎ᠠ ᠳᠠᠭᠠᠨ ᠬᠠᠭᠠᠰ ᠴᠠᠭ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠬᠦ ᠬᠡᠷᠡᠭᠲᠡᠢ᠃ | | ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠶᠢ ᠰᠠᠬᠢᠵᠤ᠂ ᠯᠠᠪᠳᠠᠭᠤᠨ ᠲᠣᠭᠲᠠᠭᠤᠨ ᠢᠶᠠᠷ ᠰᠢᠯᠭᠠᠯᠲᠠ ᠶᠢ | ᠠᠷᠭᠠᠴᠠᠨ᠎ᠠ᠃ ᠲᠣᠰ ᠤᠳᠠᠭᠠᠨ ᠤ ᠰᠢᠯᠭᠠᠯᠲᠠ ᠳᠤ ᠪᠠᠷᠢᠮᠵᠢᠶᠠᠵᠢᠭᠤᠯᠤᠭᠰᠠᠨ ᠰᠢᠯᠭᠠᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠡᠯ᠎ᠡ ᠲᠥᠷᠥᠯ ᠤᠨ ᠰᠢᠯᠭᠠᠯᠲᠠ ᠶᠢᠨ ᠪᠥᠬᠦ ᠶᠠᠪᠤᠴᠠ ᠶᠢ ᠬᠢᠨᠠᠨ ᠡᠵᠡᠮᠳᠡᠬᠦ ᠪᠠ ᠪᠤᠴᠠᠭᠠᠨ | ᠲᠠᠯᠪᠢᠬᠤ ᠶᠢ ᠬᠡᠷᠡᠭᠵᠢᠭᠦᠯᠦᠨ᠎ᠡ᠃ ᠰᠢᠯᠭᠠᠯᠲᠠ ᠠᠴᠠ ᠡᠮᠦᠨ᠎ᠡ ᠪᠡᠶ᠎ᠡ ᠶᠢᠨ ᠦᠨᠡᠮᠯᠡᠯ᠂ ︽ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ︾ ᠪᠠ ᠰᠢᠯᠭᠠᠯᠲᠠ ᠳᠤ ᠪᠡᠯᠡᠳᠬᠡᠬᠦ ᠴᠢᠬᠤᠯᠠᠲᠠᠢ ᠶᠠᠭᠤᠮ᠎ᠠ ᠪᠠᠨ ᠵᠠᠪᠠᠯ ᠨᠠᠷᠢᠨ ᠨᠢᠮᠪᠠᠢ | ᠪᠠᠶᠢᠴᠠᠭᠠᠬᠤ ᠬᠡᠷᠡᠭᠲᠡᠢ᠃ ᠰᠢᠯᠭᠠᠯᠲᠠ ᠶᠢᠨ ᠬᠤᠭᠤᠴᠠᠭᠠᠨ ᠳᠤ ᠭᠠᠷ ᠤᠲᠠᠰᠤ᠂ ᠡᠯᠧᠺᠲᠷᠣᠨ ᠭᠠᠷ ᠴᠠᠭ᠂ | ᠪᠣᠳᠣᠭᠤᠷ᠂ ᠪᠠᠯᠠᠯᠤᠨ ᠵᠠᠰᠠᠬᠤ ᠰᠢᠩᠭᠡᠨ ᠵᠢᠴᠢ ᠮᠠᠲ᠋ᠧᠷᠢᠶᠠᠯ ᠵᠡᠷᠭᠡ ᠪᠣᠳᠠᠰ ᠢ ᠰᠢᠯᠭᠠᠯᠲᠠ ᠶᠢᠨ ᠲᠠᠯᠠᠪᠤᠷ ᠲᠤ ᠠᠪᠴᠤ | ᠣᠷᠣᠵᠤ ᠪᠣᠯᠬᠤ ᠦᠭᠡᠢ᠃ ᠮᠠᠨ ᠤ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ | ᠰᠦᠯᠵᠢᠶᠡᠨ ᠳᠡᠭᠡᠷᠡᠬᠢ ᠰᠢᠯᠭᠠᠯᠲᠠ ᠦᠵᠡᠬᠦ ᠪᠠᠷᠢᠮᠵᠢᠶ᠎ᠠ ᠶᠢᠨ ᠰᠢᠰᠲ᠋ᠧᠮ ᠢ ᠬᠡᠷᠡᠭᠯᠡᠳᠡᠭ ᠪᠣᠯᠬᠤᠷ ᠰᠢᠯᠭᠠᠭᠤᠯᠤᠭᠴᠢᠳ | ᠰᠢᠯᠭᠠᠯᠲᠠ ᠳᠤ ᠣᠷᠣᠯᠴᠠᠬᠤ ᠳᠠᠭᠠᠨ ᠵᠠᠪᠠᠯ ᠰᠡᠳᠦᠪ ᠬᠠᠷᠢᠭᠤᠯᠬᠤ ᠺᠠᠷᠲ ︵ᠴᠠᠭᠠᠰᠤ︶ ᠤᠨ ᠲᠣᠭᠲᠠᠭᠰᠠᠨ | ᠪᠠᠶᠢᠷᠢᠨ ᠳᠤ ᠬᠠᠷᠢᠭᠤᠯᠲᠠ ᠥᠭᠬᠦ ᠬᠡᠷᠡᠭᠲᠡᠢ᠃ ᠰᠢᠯᠭᠠᠯᠲᠠ ᠶᠢᠨ ᠴᠡᠭ ᠤᠨ ᠠᠵᠢᠯᠲᠠᠨ ᠤ ᠬᠤᠯᠪᠣᠭᠳᠠᠯ ᠪᠦᠬᠦᠢ | ᠲᠣᠬᠢᠷᠠᠭᠤᠯᠤᠯᠲᠠ ᠪᠠ ᠬᠠᠮᠢᠶᠠᠷᠤᠯᠲᠠ ᠶᠢ ᠳᠠᠭᠠᠵᠤ᠂ ᠠᠯᠢᠪᠠ ᠠᠵᠠ ᠵᠠᠪᠰᠢᠶᠠᠨ ᠢ ᠡᠷᠢᠬᠦ ᠰᠡᠳᠬᠢᠯᠭᠡ ᠶᠢ ᠲᠠᠶᠠᠭᠳᠠᠵᠤ | ᠂ ᠰᠢᠯᠭᠠᠯᠲᠠ ᠶᠢᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠰᠠᠬᠢᠬᠤ ᠬᠡᠷᠡᠭᠲᠡᠢ᠃ | ᠡᠭᠦᠨ ᠠᠴᠠ ᠭᠠᠳᠠᠨ᠎ᠠ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠲᠥᠪ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠠᠯᠢ ᠴᠢᠳᠠᠬᠤ ᠪᠠᠷ ᠰᠢᠯᠭᠠᠭᠤᠯᠤᠭᠴᠢ ᠶᠢᠨ ᠰᠢᠯᠭᠠᠯᠲᠠ ᠳᠤ | ᠣᠷᠣᠯᠴᠠᠬᠤ ᠳᠤ ᠦᠢᠯᠡᠴᠢᠯᠡᠭᠡ ᠪᠠ ᠲᠥᠬᠦᠮ ᠦᠵᠡᠭᠦᠯᠬᠦ ᠶᠢᠨ ᠬᠠᠮᠲᠤ ᠰᠢᠯᠭᠠᠭᠤᠯᠤᠭᠴᠢ ᠶᠢᠨ ᠲᠠᠭᠤᠨ ᠢ | ᠨᠠᠮᠵᠢᠭᠤᠯᠬᠤ ᠬᠡᠷᠡᠭᠲᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |