ᠪᠦᠬᠦ ᠰᠢᠶᠠᠨ ᠤ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠠᠵᠢᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ︽ᠶᠦᠨ ᠵᠦᠩ ᠲᠦᠷᠦᠭᠦᠦ︾ ᠶᠢᠨ | ᠴᠢᠳᠠᠪᠤᠷᠢ ᠶᠢ ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠡᠬᠦ ᠰᠢᠨ᠎ᠡ ᠬᠥᠳᠡᠯᠭᠡᠬᠦ ᠴᠢᠳᠠᠪᠤᠷᠢ ᠶᠢ ᠭᠦᠢᠴᠡᠳ | ᠬᠥᠭᠵᠢᠭᠡᠬᠦ ᠶᠢᠨ ᠲᠥᠯᠥᠭᠡ᠂ 5 ᠳ᠋ᠤᠭᠠᠷ ᠰᠠᠷ᠎ᠠ ᠠᠴᠠ ᠨᠠᠰᠢ᠂ ᠲᠣᠭᠲᠠᠬᠤ ᠰᠢᠶᠠᠨ ᠰᠢᠶᠠᠨ ᠪᠠᠯᠭᠠᠰᠤ ᠬᠤᠶᠠᠷ ᠱᠠᠲᠤ | ᠬᠤᠪᠢᠶᠠᠨ ᠵᠣᠬᠢᠶᠠᠨ ᠪᠠᠶᠢᠭᠤᠯᠤᠨ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠥᠶᠢᠴᠡᠭᠡᠨ︾ ᠤ ᠠᠵᠢᠯᠯᠠᠭ᠎ᠠ ᠶᠢ | ᠥᠷᠨᠢᠭᠦᠯᠵᠡᠢ᠃ ᠨᠢᠭᠡ ᠰᠠᠷ᠎ᠠ ᠶᠢᠨ ᠰᠢᠷᠦᠭᠦᠨ ᠮᠦᠷᠦᠶᠢᠴᠡᠭᠡᠨ ᠢ ᠥᠩᠭᠡᠷᠡᠭᠡᠭᠡᠳ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠵᠡᠪᠰᠡᠭ ᠤᠨ ᠡᠷᠳᠡᠮ ᠤᠨ ᠮᠥᠷᠥᠶᠢᠴᠡᠭᠡᠨ︾ ᠤ ᠠᠵᠢᠯᠯᠠᠭ᠎ᠠ 6 ᠳ᠋ᠤᠭᠠᠷ ᠰᠠᠷ᠎ᠠ ᠶᠢᠨ | 20 ᠤ ᠡᠳᠦᠷ ᠰᠢᠶᠠᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠭᠤᠣᠯ ᠬᠤᠷᠠᠯ ᠤᠨ ᠲᠠᠯᠠᠪᠠᠢ ᠳᠤ | ᠡᠴᠦᠰ ᠤᠨ ᠰᠢᠢᠳᠪᠦᠷᠢᠲᠦ ᠤᠷᠤᠯᠳᠤᠭᠠᠨ ᠢ ᠤᠭᠲᠤᠨ ᠠᠪᠴᠠᠢ᠃ | ᠤᠷᠤᠯᠳᠤᠭᠠᠨ ᠤ ᠲᠠᠯᠠᠪᠤᠷ ᠲᠤ᠂ ᠰᠢᠢᠳᠪᠦᠷᠢᠲᠦ ᠤᠷᠤᠯᠳᠤᠭᠠᠨ ᠳᠤ ᠣᠷᠣᠭᠰᠠᠨ 12 ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ᠂ ᠲᠤᠬᠠᠢ ᠶᠢᠨ ᠲᠠᠯᠠᠪᠤᠷ ᠤᠨ ᠶᠠᠷᠢᠶ᠎ᠠ ᠢᠯᠡᠳᠬᠡᠯ + PPT ᠡᠬᠡ | ᠪᠢᠴᠢᠭ ᠤᠨ ᠦᠵᠡᠭᠦᠯᠦᠯᠭᠡ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠨᠢᠭᠡ ᠲᠠᠶᠢᠰᠠᠨ ᠤ ᠮᠥᠷᠥᠶᠢᠴᠡᠭᠡᠨ ᠳᠤ | ᠴᠢᠳᠠᠪᠤᠷᠢ ᠶᠢᠨ ᠬᠡᠪ ᠪᠣᠯᠪᠠᠰᠤᠷᠠᠯ ᠢ ᠠᠳᠠᠯᠢᠳᠬᠠᠬᠤ᠂ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ | ᠠᠳᠠᠯᠢᠳᠬᠠᠬᠤ᠂ ᠠᠵᠤ ᠦᠢᠯᠡᠰ ᠤᠨ ᠬᠥᠭᠵᠢᠯ ᠪᠠᠳᠠᠷᠠᠯ ᠢ ᠠᠳᠠᠯᠢᠳᠬᠠᠬᠤ᠂ ᠠᠮᠢ ᠠᠬᠤᠢ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠠᠳᠠᠯᠢᠳᠬᠠᠬᠤ᠂ ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ ᠢ | ᠠᠳᠠᠯᠢᠳᠬᠠᠬᠤ᠂ ᠦᠨᠳᠦᠰᠦᠨ ᠱᠠᠲᠤᠨ ᠤ ᠵᠠᠰᠠᠯᠲᠠ ᠲᠠᠢ ᠠᠳᠠᠯᠢᠳᠬᠠᠬᠤ ︽ᠵᠢᠷᠭᠤᠭᠠᠨ ᠬᠠᠷᠢᠴᠠᠯ︾ ᠤᠨ | ᠱᠠᠭᠠᠷᠳᠠᠯᠭ᠎ᠠ ᠶᠢᠨ ᠲᠣᠭᠤᠷᠢᠨ ᠳᠤ᠂ ᠲᠤᠭ᠎ᠠ ᠪᠠᠷᠢᠮᠲᠠ ᠨᠤᠭᠤᠳ᠂ ᠭᠡᠷᠡᠯ ᠵᠢᠷᠤᠭ ᠤᠳ᠂ ᠬᠡᠷᠡᠭ ᠤᠨ | ᠵᠢᠱᠢᠶ᠎ᠡ ᠨᠦᠭᠦᠳ ᠢᠶᠠᠷ ᠠᠮᠵᠢᠯᠲᠠ ᠪᠠᠨ ᠢᠯᠡᠷᠡᠭᠦᠯᠵᠦ᠂ ᠲᠤᠷᠰᠢᠯᠭ᠎ᠠ ᠪᠠᠨ ᠶᠠᠷᠢᠵᠤ᠂ ᠰᠡᠳᠬᠢᠴᠡ ᠪᠠᠨ ᠶᠠᠷᠢᠵᠤ᠂ | ᠲᠡᠷᠢᠭᠦᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠮᠡᠳᠡᠯᠭᠡ ᠶᠢᠨ ᠶᠡᠭᠡ ᠰᠤᠷᠤᠯᠴᠠᠯᠭ᠎ᠠ᠂ ᠴᠢᠳᠠᠪᠤᠷᠢ ᠶᠢᠨ ᠶᠡᠭᠡ ᠳᠡᠭᠡᠭᠰᠢᠯᠡᠯᠲᠡ᠂ | ᠠᠵᠢᠯ ᠶᠠᠪᠤᠳᠠᠯ ᠬᠢᠬᠦ ᠶᠢᠨ ᠶᠡᠭᠡ ᠮᠥᠷᠥᠶᠢᠴᠡᠭᠡᠨ ᠢ ᠳᠠᠶᠢᠴᠢᠯᠠᠵᠦ᠂ ︽ᠪᠠᠷᠢᠮᠵᠢᠶ᠎ᠠ ᠲᠠᠢ ᠬᠠᠷᠢᠴᠠᠭᠤᠯᠵᠤ | ᠵᠥᠷᠢᠶ᠎ᠡ ᠪᠠᠨ ᠡᠷᠢᠬᠦ︾ ︽ᠨᠢᠭᠡᠳᠦᠯᠲᠡᠢ ᠪᠠᠶᠢᠵᠤ ᠲᠡᠰ ᠳᠡᠪᠰᠢᠭᠦᠯᠬᠦ︾ ︽ᠰᠢᠯᠢᠳᠡᠭ ᠢ ᠲᠡᠮᠡᠴᠡᠨ ᠵᠢᠱᠢᠶ᠎ᠡ | ᠦᠵᠡᠭᠦᠯᠬᠦ︾ ︽ᠰᠢᠯᠢᠳᠡᠭ ᠪᠣᠯᠬᠤ ᠪᠠᠷ ᠴᠢᠷᠮᠠᠶᠢᠵᠤ ᠵᠢᠱᠢᠶ᠎ᠡ ᠦᠵᠡᠭᠦᠯᠬᠦ︾ ᠮᠥᠷᠥᠶᠢᠴᠡᠬᠦ ᠰᠤᠷᠤᠯᠴᠠᠬᠤ ᠭᠦᠢᠴᠡᠵᠦ | ᠳᠠᠪᠠᠭ᠋ᠤ ︽ᠵᠡᠪᠰᠡᠭ ᠤᠨ ᠡᠷᠳᠡᠮ ᠤᠨ ᠮᠥᠷᠥᠶᠢᠴᠡᠭᠡᠨ︾ ᠤ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠲᠤᠬᠠᠢ ᠶᠢᠨ ᠲᠠᠯᠠᠪᠠᠢ ᠳᠤ ᠨᠢᠭᠡᠳᠦᠭᠡᠷ ᠳᠡᠰ ᠤᠨ | ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ᠂ | ᠰᠢᠯᠢᠳᠡᠭ ᠱᠠᠩᠨᠠᠯ 6 ᠨᠡᠷᠡᠰ ᠢ ᠰᠢᠯᠭᠠᠷᠠᠭᠤᠯᠪᠠ᠃ ᠱᠤᠸᠠᠩ ᠾᠧ ᠪᠠᠯᠭᠠᠰᠤᠨ ᠤ ᠨᠠᠮ ᠤᠨ ᠬᠤᠷᠢᠶ᠎ᠠ᠂ ᠬᠠᠳᠤᠨ | ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ ᠨᠠᠮ ᠤᠨ ᠬᠤᠷᠢᠶ᠎ᠠ ᠰᠢᠯᠢᠳᠡᠭ ᠵᠣᠬᠢᠶᠠᠨ | ᠪᠠᠶᠢᠭᠤᠯᠤᠯᠲᠠ ᠶᠢᠨ ᠱᠠᠩᠨᠠᠯ ᠬᠦᠷᠲᠡᠵᠡᠢ᠃ | ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠢᠨ ᠲᠤᠰ ᠤᠳᠠᠭᠠᠨ ᠤ ︽ᠵᠡᠪᠰᠡᠭ ᠤᠨ ᠡᠷᠳᠡᠮ | ᠮᠥᠷᠥᠶᠢᠴᠡᠬᠦ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠷᠤᠯᠳᠤᠭᠠᠨ ᠢᠶᠠᠷ ᠠᠵᠢᠯ ᠢ ᠠᠬᠢᠭᠤᠯᠵᠤ᠂ | ᠤᠷᠤᠯᠳᠤᠭᠠᠨ ᠢᠶᠠᠷ ᠰᠡᠳᠦᠪ ᠢ ᠡᠪᠳᠡᠵᠦ᠂ ᠤᠷᠤᠯᠳᠤᠭᠠᠨ ᠢᠶᠠᠷ ᠰᠢᠯᠢᠳᠡᠭ ᠪᠣᠯᠬᠤ ᠪᠠᠷ ᠴᠢᠷᠮᠠᠶᠢᠵᠤ᠂ ᠵᠥᠷᠢᠶ᠎ᠡ ᠪᠠᠨ | ᠡᠷᠢᠵᠦ᠂ ᠰᠢᠯᠲᠠᠭᠠᠨ ᠢ ᠨᠢ ᠪᠠᠶᠢᠴᠠᠭᠠᠵᠤ᠂ ᠠᠷᠭ᠎ᠠ ᠬᠡᠮᠵᠢᠶ᠎ᠡ ᠲᠣᠭᠲᠠᠭᠠᠵᠤ᠂ ᠳᠤᠲᠠᠭᠤᠳᠠᠯ ᠢ ᠨᠥᠬᠦᠪᠦᠷᠢᠯᠡᠵᠦ᠂ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢ | ᠪᠦᠬᠦ ᠰᠢᠶᠠᠨ ᠳᠤ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ᠂ ᠠᠳᠠᠯᠢᠳᠬᠠᠨ ᠰᠤᠷᠤᠯᠴᠠᠵᠤ ᠭᠦᠢᠴᠡᠨ | ᠳᠠᠪᠠᠵᠤ ᠭᠠᠷᠬᠤ᠂ ᠥᠷᠢᠰᠦᠯᠳᠦᠨ ᠬᠥᠭᠵᠢᠬᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠠᠭᠤᠷ ᠠᠮᠢᠰᠬᠤᠯ ᠢ ᠪᠤᠢ ᠪᠣᠯᠭᠠᠵᠤ᠂ ᠲᠡᠭᠦᠨ ᠢ ᠦᠨᠡᠨ ᠬᠦ ᠦᠨᠳᠦᠰᠦᠨ ᠱᠠᠲᠤᠨ ᠤ ᠨᠠᠮ ᠤᠨ ᠭᠡᠰᠢᠭᠦᠨ ᠤᠯᠠᠨ | ᠲᠦᠮᠡᠨ ᠢ ᠬᠥᠲᠥᠯᠥᠨ ᠳᠠᠭᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠬᠥᠳᠡᠭᠡ | ᠲᠣᠰᠬᠤᠨ ᠤ ᠡᠯ᠎ᠡ ᠵᠦᠢᠯ ᠤᠨ ᠦᠢᠯᠡᠰ ᠢ ᠰᠠᠶᠢᠲᠤᠷ ᠠᠳᠬᠤᠬᠤ ︽ᠳᠠᠭᠠᠭᠤᠯᠤᠭᠴᠢ ᠭᠠᠯᠠᠭᠤ︾ ᠪᠣᠯᠭᠠᠵᠤ᠂ ᠪᠦᠬᠦ | ᠰᠢᠶᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ ᠪᠦᠬᠦ | ᠲᠠᠯ᠎ᠠ ᠪᠠᠷ ᠰᠢᠯᠭᠠᠷᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢ ᠨᠡᠩ ᠴᠢᠨᠠᠷ | ᠴᠢᠨᠰᠠᠭ᠎ᠠ ᠲᠠᠢ᠂ ᠤᠯᠠᠨ ᠲᠦᠮᠡᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠬᠤ ᠪᠤᠯᠤᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |