ᠠᠷᠠᠳ ᠤᠨ ᠵᠠᠩ ᠦᠢᠯᠡ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠤᠯᠠᠮᠵᠢᠯᠠᠯ ᠢ | ᠵᠠᠯᠭᠠᠮᠵᠢᠯᠠᠬᠤ ᠶᠢᠨ ᠲᠥᠯᠥᠭᠡ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠲᠠᠰᠢᠷᠠᠮ ᠢᠶᠠᠷ᠂ | ᠲᠣᠭᠲᠠᠬᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳ᠋ᠦᠩᠱᠧᠩ ᠨᠡᠶᠢᠭᠡᠮ ᠲᠣᠭᠤᠷᠢᠭ᠂ ᠵᠦᠩ ᠲᠠᠨ | ᠨᠡᠶᠢᠭᠡᠮ ᠲᠣᠭᠤᠷᠢᠭ ᠲᠤ ︽ᠮᠠᠨ ᠤ ᠪᠠᠶᠠᠷ ᠤᠨ ᠡᠳᠦᠷ · ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ | ᠠᠵᠢᠯᠯᠠᠭ᠎ᠠ ᠥᠷᠨᠢᠭᠦᠯᠵᠡᠢ᠃ | | | | | 6 ᠳ᠋ᠤᠭᠠᠷ ᠰᠠᠷ᠎ᠠ ᠶᠢᠨ 20 ᠤ ᠡᠳᠦᠷ᠂ ᠳ᠋ᠦᠩᠱᠧᠩ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠪᠠ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤᠪᠠᠷ ᠲᠠᠪᠤᠨ ᠥᠩᠭᠡᠲᠦ ᠳᠡᠭᠡᠰᠦ ᠰᠦᠯᠵᠢᠵᠦ᠂ | ᠵᠢᠵᠢᠭᠬᠡᠨ ᠤᠷᠠᠯᠢᠭ ᠤᠨ ᠪᠦᠲᠦᠭᠡᠯ ᠨᠢ ᠳᠤᠮᠳᠠᠳᠤ ᠶᠢᠨ ᠬᠥᠳᠡᠯᠮᠦᠷᠢᠴᠢᠨ ᠠᠷᠠᠳ ᠲᠦᠮᠡᠨ ᠤ ᠬᠥᠳᠡᠯᠮᠦᠷᠢ ᠪᠠ | ᠤᠶᠤᠨ ᠤᠬᠠᠭᠠᠨ ᠤ ᠤᠬᠢ ᠪᠦᠲᠦᠭᠡᠯ ᠪᠣᠯᠬᠤ ᠪᠠᠷ ᠪᠠᠷᠠᠬᠤ ᠦᠭᠡᠢ᠂ ᠨᠡᠩ ᠴᠤ ᠭᠦᠨ ᠵᠤᠵᠠᠭᠠᠨ ᠰᠣᠶᠣᠯ ᠤᠨ | ᠠᠭᠤᠯᠬᠤᠨ ᠠᠭᠤᠯᠤᠭᠳᠠᠵᠤ ᠪᠤᠢ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠰᠢᠷᠡᠭᠡᠨ ᠳᠡᠭᠡᠷ᠎ᠡ ᠡᠯᠳᠡᠪ ᠥᠩᠭᠡ ᠶᠢᠨ ᠥᠩᠭᠡᠲᠦ ᠳᠡᠭᠡᠰᠦ | ᠲᠠᠯᠪᠢᠵᠤ᠂ ᠣᠯᠠᠨ ᠢᠶᠠᠷ ᠢᠶᠠᠨ ᠥᠪᠡᠷ ᠥᠪᠡᠷ ᠤᠨ ᠳᠤᠷ᠎ᠠ ᠪᠠᠬ᠎ᠠ ᠪᠠᠷ ᠢᠶᠠᠨ ᠲᠠᠪᠤᠨ ᠥᠩᠭᠡ ᠶᠢᠨ ᠳᠡᠭᠡᠰᠦ ᠨᠡᠬᠡᠵᠦ᠂ | ᠨᠢᠭᠡ ᠲᠠᠯ᠎ᠠ ᠪᠠᠷ ᠳᠡᠭᠡᠰᠦ ᠨᠡᠬᠡᠵᠦ ᠨᠥᠭᠦᠭᠡ ᠲᠠᠯ᠎ᠠ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠠᠷᠠᠳ ᠤᠨ ᠵᠠᠩ ᠦᠢᠯᠡ ᠶᠢ ᠶᠠᠷᠢᠯᠴᠠᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠠᠪᠤᠨ ᠥᠩᠭᠡ ᠶᠢᠨ | ᠳᠡᠭᠡᠰᠦᠨ ᠤ ᠶᠣᠭᠲᠠ ᠤᠳᠬ᠎ᠠ ᠶᠢ ᠣᠯᠠᠨ ᠳᠤ ᠲᠠᠶᠢᠯᠪᠤᠷᠢᠯᠠᠨ ᠥᠭᠴᠡᠢ᠂ ᠲᠠᠪᠤᠨ ᠥᠩᠭᠡ ᠶᠢᠨ ᠳᠡᠭᠡᠰᠦ ᠨᠢ | ᠰᠠᠶᠢᠨ ᠰᠠᠶᠢᠬᠠᠨ ᠬᠦᠰᠡᠯ ᠢ ᠲᠥᠯᠥᠭᠡᠯᠡᠵᠦ᠂ ᠡᠷᠡᠭᠦᠯ ᠮᠡᠨᠳᠦ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠢ | ᠲᠥᠯᠥᠭᠡᠯᠡᠵᠦ ᠪᠠᠶᠢᠳᠠᠭ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠲᠠᠪᠤᠨ ᠥᠩᠭᠡ ᠶᠢᠨ ᠳᠡᠭᠡᠰᠦ | ᠵᠡᠭᠦᠬᠦ ᠨᠢ ᠳᠤᠲᠠᠭᠳᠠᠵᠤ ᠪᠣᠯᠣᠰᠢ ᠦᠭᠡᠢ ᠶᠤᠮ᠃ | | | | | ᠵᠥᠩ ᠲᠠᠨ ᠨᠡᠶᠢᠭᠡᠮ ᠲᠣᠭᠤᠷᠢᠭ ᠲᠤ ᠣᠯᠠᠨ ᠢᠶᠠᠷ ᠢᠶᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠪᠠᠶᠠᠷ ᠲᠤ ᠽᠦᠩᠽᠢ ᠪᠠᠷᠢᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ | ᠨᠠᠰᠤᠲᠠᠶᠢᠴᠤᠳ ᠲᠤ ︽ᠰᠡᠳᠬᠢᠯ ᠢ ᠳᠤᠯᠠᠭᠠᠴᠠᠭᠤᠯᠬᠤ ᠽᠦᠩᠽᠢ︾ ᠬᠦᠷᠭᠡᠵᠦ᠂ ᠲᠡᠳᠡᠨ ᠲᠠᠢ ᠬᠠᠮᠲᠤ ᠪᠠᠷ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠤᠷᠢᠳᠴᠢᠯᠠᠨ ᠪᠡᠯᠭᠡᠯᠡᠵᠡᠢ᠃ | ᠡᠨᠡ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠷᠠᠳ ᠤᠨ ᠵᠠᠩ ᠦᠢᠯᠡ ᠶᠢᠨ ᠷᠢᠳᠢ | ᠰᠢᠳᠢ ᠶᠢ ᠰᠠᠭᠤᠭᠠᠯᠢ ᠠᠷᠠᠳ ᠲᠤ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠰᠠᠶᠢᠨ ᠦᠨᠡᠯᠡᠯᠲᠡ ᠶᠢ ᠣᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠶᠡᠭᠡ ᠭᠡᠷ ᠪᠦᠯᠢ | ᠶᠢᠨ ᠬᠠᠯᠠᠭᠤᠨ ᠳᠤᠯᠠᠭᠠᠨ ᠢ ᠬᠦᠷᠲᠡᠭᠡᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠬᠢᠭᠤᠯᠵᠠᠢ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |