ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ | ᠮᠡᠳᠡᠭᠡ᠄ ᠡᠨᠡ ᠵᠢᠯ ᠤᠨ 1︱5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ | ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠬᠥᠭᠵᠢᠶᠡᠨᠲᠡᠢ ᠪᠠᠶᠢᠵᠤ᠂ ᠪᠦᠬᠦᠶᠢᠯᠡ ᠠᠵᠤ ᠠᠬᠤᠢ ᠶᠢᠨ | ᠲᠣᠭᠲᠠᠭᠤᠨ ᠢᠶᠠᠷ ᠠᠵᠢᠯᠯᠠᠬᠤ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ | ᠡᠨᠡ ᠵᠢᠯ ᠠᠴᠠ ᠨᠠᠰᠢ᠂ ᠪᠦᠬᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠪᠠ ᠴᠢᠨᠠᠷ | ᠰᠠᠶᠢᠲᠠᠢ ᠬᠥᠭᠵᠢᠬᠦ ᠶᠢ ᠬᠦᠴᠦᠯᠡᠨ ᠠᠬᠢᠭᠤᠯᠬᠤ ᠶᠢᠨ ᠬᠠᠮᠲᠤ ᠢᠳᠡᠪᠬᠢᠲᠡᠢ ᠦᠷ᠎ᠡ ᠪᠦᠲᠦᠮᠵᠢ ᠣᠯᠪᠠ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ 1 ︱ 5 ᠳ᠋ᠤᠭᠠᠷ | ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.8% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠪᠥᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ 3.2 ᠵᠠᠭᠤᠨ ᠤ ᠨᠢᠭᠡᠴᠢ ᠥᠨᠳᠥᠷ ᠪᠣᠯᠪᠠ᠃ ᠭᠤᠷᠪᠠᠨ ᠶᠡᠭᠡ | ᠲᠦᠷᠦᠯ ᠤᠨ ᠠᠵᠤ ᠦᠢᠯᠡᠳᠪᠦᠷᠢ ᠪᠠᠷ ᠠᠪᠴᠤ ᠦᠵᠡᠪᠡᠯ᠂ ᠪᠦᠬᠦ ᠣᠷᠣᠨ ᠤ ᠠᠭᠤᠷᠬᠠᠢ ᠮᠠᠯᠲᠠᠬᠤ ᠦᠢᠯᠡᠰ ᠤᠨ | ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ | ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠡᠢ᠃ ᠠᠵᠤ ᠠᠬᠤᠢ ᠶᠢᠨ ᠲᠥᠷᠥᠯ ᠵᠦᠢᠯ ᠢᠶᠠᠷ ᠬᠤᠪᠢᠶᠠᠵᠤ | ᠦᠵᠡᠪᠡᠯ᠂ ᠪᠥᠬᠦ ᠣᠷᠣᠨ ᠤ ᠤᠯᠤᠰ ᠤᠨ ᠦᠮᠴᠢᠯᠡᠯᠳᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠦ᠂ ᠬᠤᠪᠢᠴᠠᠳᠦ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ | ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 10.9% ᠨᠡᠮᠡᠭᠳᠡᠵᠦ᠂ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠵᠡᠢ᠃ ᠠᠵᠢᠯ | ᠲᠥᠷᠥᠯ ᠢᠶᠠᠷ ᠬᠤᠪᠢᠶᠠᠵᠤ ᠦᠵᠡᠪᠡᠯ᠂ ᠪᠥᠬᠦ ᠣᠷᠣᠨ ᠤ 38 ᠠᠵᠤ ᠦᠢᠯᠡᠳᠪᠦᠷᠢ ᠶᠢᠨ ᠶᠡᠭᠡ ᠲᠥᠷᠥᠯ ᠤᠨ ᠠᠵᠢᠯ | ᠲᠥᠷᠥᠯ ᠤᠨ ᠳᠣᠲᠣᠷ᠎ᠠ᠂ 28 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 73.7% ᠳᠤ ᠬᠦᠷᠴᠡᠢ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠪᠦᠬᠦ ᠣᠷᠣᠨ ᠤ ᠨᠡᠭᠦᠷᠡᠰᠦᠨ ᠤ ᠭᠠᠷᠤᠯᠲᠠ 5.1 | ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ︔ ᠴᠠᠬᠢᠯᠭᠠᠨ | ᠦᠢᠯᠡᠳᠪᠦᠷᠢᠯᠡᠭᠰᠡᠨ ᠬᠡᠮᠵᠢᠶ᠎ᠡ 2838.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 10.4% ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 217.0 ᠲᠦᠮᠡᠨ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 34.6% ᠨᠡᠮᠡᠭᠳᠡᠵᠡᠢ᠃ 1— 5 ᠳ᠋ᠤᠭᠠᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ | ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ | ᠲᠣᠰ 18.2% ᠪᠠ 20.9% ᠨᠡᠮᠡᠭᠳᠡᠪᠡ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠪᠡᠯᠡ | ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠠᠯᠬᠤᠴᠠ ᠲᠦᠷᠭᠡᠳᠪᠡ᠃ 1 ︱ 5 ᠳ᠋ᠤᠭᠠᠷ ᠰᠠᠷ᠎ᠠ ᠳᠤ᠂ | ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ | ᠠᠳᠠᠯᠢ ᠬᠤᠭᠤᠴᠠᠭᠠᠨ ᠤ ᠬᠢ ᠠᠴᠠ 35.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠳᠠᠯᠢ | ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 31.3 ᠵᠠᠭᠤᠨ ᠤ ᠨᠢᠭᠡᠴᠢ ᠥᠨᠳᠥᠷ ᠪᠣᠯᠪᠠ | ᠃ ᠡᠭᠦᠨ ᠳᠤ᠂ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.0% ᠨᠡᠮᠡᠭᠳᠡᠵᠦ᠂ | ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 65.9% ᠨᠡᠮᠡᠭᠳᠡᠵᠡᠢ᠃ | ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠣᠷᠣᠭᠤᠯᠤᠯᠲᠠ ᠠᠴᠠ ᠦᠵᠡᠪᠡᠯ᠂ ᠪᠥᠬᠦ ᠣᠷᠣᠨ ᠤ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.0% ᠨᠡᠮᠡᠭᠳᠡᠵᠦ᠂ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.4% ᠨᠡᠮᠡᠭᠳᠡᠵᠦ᠂ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 1.7% ᠨᠡᠮᠡᠭᠳᠡᠵᠡᠢ᠃ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠴᠠ | ᠦᠵᠡᠪᠡᠯ᠂ ᠪᠥᠬᠦ ᠣᠷᠣᠨ ᠤ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 57.5% ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 9.8% ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠳᠣᠲᠣᠷᠠᠬᠢ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.6% ᠨᠡᠮᠡᠭᠳᠡᠵᠡᠢ᠃ ᠡᠭᠦᠨ ᠤ | ᠬᠠᠮᠲᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 68.0% ᠨᠡᠮᠡᠭᠳᠡᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠲᠠᠬᠢ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 121.5% | ᠨᠡᠮᠡᠭᠳᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 137.6% ᠨᠡᠮᠡᠭᠳᠡᠵᠡᠢ᠃ | ᠬᠡᠷᠡᠭᠯᠡᠭᠡᠨ ᠤ ᠵᠠᠬ᠎ᠠ ᠳᠡᠯᠭᠡᠭᠦᠷ ᠬᠥᠭᠵᠢᠶᠡᠨ ᠲᠠᠢ ᠪᠠᠶᠢᠵᠤ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ | ᠬᠡᠷᠡᠭᠴᠡᠭᠡ ᠶᠡᠭᠡ ᠪᠠᠷ ᠨᠡᠮᠡᠭᠳᠡᠪᠡ᠃ 1— 5 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 2052.0 ᠳ᠋ᠤᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ | ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠲᠠᠢ ᠠᠳᠠᠯᠢ ᠪᠣᠯᠪᠠ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ | ᠭᠠᠵᠠᠷ ᠢᠶᠠᠷ ᠬᠤᠪᠢᠶᠠᠪᠠᠯ᠂ ᠪᠥᠬᠦ ᠣᠷᠣᠨ ᠤ ᠬᠤᠲᠠ ᠪᠠᠯᠭᠠᠰᠤ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.3% ᠨᠡᠮᠡᠭᠳᠡᠵᠦ᠂ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.0% | ᠨᠡᠮᠡᠭᠳᠡᠵᠡᠢ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠪᠥᠬᠦ ᠣᠷᠣᠨ ᠤ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠵᠦ᠂ ᠢᠳᠡᠭᠡᠨ ᠤᠮᠳᠠᠭᠠᠨ ᠤ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 21.4% ᠨᠡᠮᠡᠭᠳᠡᠵᠡᠢ᠃ 1 ︱ 5 ᠳ᠋ᠤᠭᠠᠷ ᠰᠠᠷ᠎ᠠ ᠳᠤ᠂ ᠪᠥᠬᠦ | ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ 21 ᠲᠥᠷᠥᠯ ᠤᠨ ᠲᠠᠸᠠᠷ ᠤᠨ ᠳᠣᠲᠣᠷ᠎ᠠ᠂ | 14 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠤᠨ | ᠬᠡᠪᠴᠢᠶ᠎ᠡ ᠨᠢ 66.7% ᠳᠤ ᠬᠥᠷᠪᠡ᠃ ᠰᠦᠯᠵᠢᠶᠡᠨ ᠳᠡᠭᠡᠷᠡᠬᠢ ᠬᠡᠷᠡᠭᠯᠡᠭᠡ ᠠᠴᠠ ᠦᠵᠡᠪᠡᠯ᠂ 1︱ 5 ᠳ᠋ᠤᠭᠠᠷ | ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠨᠡᠶᠢᠲᠡ ᠶᠢᠨ | ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 94.2% ᠨᠡᠮᠡᠭᠳᠡᠪᠡ᠃ | ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠠᠵᠢᠯᠯᠠᠵᠤ᠂ ᠬᠦᠷᠦᠯᠴᠡᠬᠦ ᠬᠡᠯᠪᠡᠷᠢ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠲᠦᠷᠦᠭᠦᠸ 4 ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 12.3% ᠨᠡᠮᠡᠭᠳᠡᠪᠡ᠃ ᠠᠵᠢᠯ ᠲᠥᠷᠥᠯ ᠤᠨ ᠲᠥᠷᠥᠯ ᠵᠦᠢᠯ ᠠᠴᠠ ᠦᠵᠡᠪᠡᠯ᠂ ᠪᠥᠬᠦ | ᠣᠷᠣᠨ ᠤ 10 ᠦᠢᠯᠡᠴᠢᠯᠡᠭᠡᠨ ᠤ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠴᠥᠮ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠪᠡ᠃ ᠡᠭᠦᠨ ᠳᠤ᠂ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ | ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 15.1% ᠪᠠᠷ | ᠨᠡᠮᠡᠭᠳᠡᠵᠦ᠂ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ᠃ ᠬᠦᠷᠦᠯᠴᠡᠬᠦ ᠬᠡᠯᠪᠡᠷᠢ ᠶᠢᠨ ᠦᠢᠯᠡᠴᠢᠯᠡᠭᠡᠨ ᠤ | ᠦᠢᠯᠡᠰ ᠠᠴᠠ ᠦᠵᠡᠪᠡᠯ᠂ ᠪᠥᠬᠦ ᠣᠷᠣᠨ ᠤ ᠠᠭᠠᠷ ᠤᠨ ᠠᠶᠠᠯᠠᠯ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠰ ᠤᠨ | ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 105.9% ᠨᠡᠮᠡᠭᠳᠡᠵᠦ᠂ ᠰᠠᠭᠤᠭᠠᠯᠢ ᠠᠷᠠᠳ ᠤᠨ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 43.3% | ᠨᠡᠮᠡᠭᠳᠡᠵᠦ᠂ ᠵᠤᠭ᠎ᠠ ᠴᠡᠩᠭᠡᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠠᠴᠠ 54.7 | ᠨᠡᠮᠡᠭᠳᠡᠵᠡᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | | |