ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ | ᠵᠠᠰᠠᠯᠲᠠ ᠶᠢᠨ ᠠᠵᠢᠯᠯᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ | ᠵᠢᠷᠤᠮᠵᠢᠭᠤᠯᠬᠤ ᠶᠢᠨ ᠲᠦᠯᠦᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠠᠴᠠ 2022 ᠣᠨ ᠤ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠷᠢᠯᠭ᠎ᠠ ᠶᠢᠨ ᠠᠵᠢᠯ ᠢ ᠰᠢᠯᠵᠢᠭᠦᠯᠦᠨ | ᠳᠠᠭᠠᠭᠠᠴᠢᠯᠠᠭᠤᠯᠬᠤ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠵᠢᠴᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠡᠯ᠎ᠡ ᠭᠠᠵᠠᠷ ᠤᠨ ᠪᠠᠷᠢᠯᠭ᠎ᠠ ᠶᠢᠨ ᠠᠵᠢᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠵᠠᠭᠠᠯᠳᠤᠭᠰᠠᠨ ᠬᠡᠷᠡᠭ ᠢ | ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃ | ᠵᠠᠷᠯᠠᠨ ᠮᠡᠳᠡᠭᠳᠡᠬᠦ ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠡᠯ᠎ᠡ ᠭᠠᠵᠠᠷ ᠤᠨᠪᠠᠷᠢᠯᠭᠠ ᠶᠢᠨ ᠠᠵᠢᠯ ᠤᠨ ᠰᠢᠯᠵᠢᠭᠦᠯᠦᠨ ᠳᠠᠭᠠᠭᠠᠴᠢᠯᠠᠭᠤᠯᠬᠤ ᠬᠠᠤᠯᠢ ᠠᠴᠠ | ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠪᠥᠬᠦ ᠤᠯᠤᠰ ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠴᠥᠮ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ 2022 ᠣᠨ ᠤ ᠪᠠᠷᠢᠯᠭ᠎ᠠ ᠶᠢᠨ | ᠠᠵᠢᠯ ᠤᠨ ᠰᠢᠯᠵᠢᠭᠦᠯᠦᠨ ᠳᠠᠭᠠᠭᠠᠴᠢᠯᠠᠭᠤᠯᠬᠤ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠵᠡᠷᠭᠡ ᠬᠠᠤᠯᠢ | ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢᠶᠠᠨ ᠮᠡᠳᠡᠭᠦᠯᠪᠡ ︵ | ᠳᠠᠭᠠᠯᠳᠤᠭᠤᠯᠤᠯ 1 ᠶᠢ ᠦᠵᠡᠭᠡᠷᠡᠢ︶᠃ ᠪᠦᠷᠢᠳᠬᠡᠯ ᠢ ᠦᠨᠳᠦᠰᠦᠯᠡᠪᠡᠯ᠂ ᠡᠯ᠎ᠡ ᠭᠠᠵᠠᠷ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠡᠶᠢᠲᠡ | 323775 ᠲᠥᠷᠥᠯ ᠵᠦᠢᠯ ᠢ ᠵᠢᠭᠰᠠᠭᠠᠨ ᠪᠠᠶᠢᠴᠠᠭᠠᠵᠤ᠂ 249443 ᠪᠦᠲᠦᠭᠡᠨ ᠪᠠᠶᠢᠭᠤᠯᠤᠯᠲᠠ ᠶᠢᠨ ᠨᠢᠭᠡᠴᠢ᠂ | 272941 ᠪᠠᠷᠢᠯᠭ᠎ᠠ ᠶᠢᠨ ᠠᠵᠤ ᠠᠬᠤᠶᠢᠯᠠᠯ ᠳᠤ ᠬᠤᠯᠪᠣᠭᠳᠠᠵᠠᠢ᠃ | ︵ᠨᠢᠭᠡ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠭᠰᠠᠨ | ᠪᠠᠶᠢᠳᠠᠯ᠃ | ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠶᠢᠲᠡ 8518 ᠲᠥᠷᠥᠯ ᠵᠦᠢᠯ ᠳᠤ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠵᠢᠭᠰᠠᠭᠠᠨ | ᠪᠠᠶᠢᠴᠠᠭᠠᠵᠤ ᠭᠠᠷᠭᠠᠪᠠ᠃ ᠡᠭᠦᠨ ᠳᠤ᠂ ᠬᠠᠤᠯᠢ ᠶᠢ ᠵᠥᠷᠢᠴᠡᠨ ᠳᠠᠭᠠᠭᠠᠴᠢᠯᠠᠭᠤᠯᠬᠤ ᠦᠶᠯᠡ ᠠᠵᠢᠯᠯᠠᠭ᠎ᠠ ᠣᠷᠣᠰᠢᠵᠤ | ᠪᠠᠶᠢᠭ᠎ᠠ ᠲᠥᠷᠥᠯ ᠵᠦᠢᠯ 527 ᠪᠠᠶᠢᠵᠤ᠂ 6.2% ᠢ ᠡᠵᠡᠯᠡᠨ᠎ᠡ︔ ᠰᠢᠯᠵᠢᠭᠦᠯᠦᠨ ᠳᠠᠭᠠᠭᠠᠴᠢᠯᠠᠭᠤᠯᠬᠤ | ᠠᠵᠢᠯᠯᠠᠭ᠎ᠠ ᠲᠠᠢ ᠲᠥᠷᠥᠯ ᠵᠦᠢᠯ 399 ᠪᠠᠶᠢᠵᠤ᠂ 4.7% ᠶᠢ ᠡᠵᠡᠯᠡᠨ᠎ᠡ︔ ᠬᠠᠤᠯᠢ ᠠᠴᠠ ᠵᠥᠷᠢᠴᠡᠨ ᠬᠤᠪᠢᠶᠠᠨ | ᠳᠠᠭᠠᠭᠠᠴᠢᠯᠠᠭᠰᠠᠨ ᠠᠵᠢᠯᠯᠠᠭ᠎ᠠ ᠣᠷᠣᠰᠢᠵᠤ ᠪᠠᠶᠢᠭ᠎ᠠ ᠲᠥᠷᠥᠯ ᠵᠦᠢᠯ 568 ᠪᠠᠶᠢᠵᠤ᠂ 6.7% ᠶᠢ ᠡᠵᠡᠯᠡᠨ᠎ᠡ︔ | ᠲᠦᠰᠢᠬᠦ ᠠᠵᠢᠯᠯᠠᠭ᠎ᠠ ᠲᠠᠢ ᠲᠥᠷᠥᠯ ᠵᠦᠢᠯ 166 ᠪᠠᠶᠢᠵᠤ᠂ 1.9% ᠶᠢ ᠡᠵᠡᠯᠡᠨ᠎ᠡ︔ ᠪᠠᠷᠢᠯᠭ᠎ᠠ ᠶᠢᠨ ᠠᠵᠢᠯ ᠤᠨ | ᠵᠥᠪᠰᠢᠶᠡᠷᠡᠯ ᠤᠨ ᠦᠨᠡᠮᠯᠡᠯ ᠠᠪᠤᠭᠰᠠᠨ ᠦᠭᠡᠢ ᠪᠠᠷ ᠤᠷᠢᠳᠠᠪᠠᠷ ᠠᠵᠢᠯ ᠡᠬᠢᠯᠡᠭᠦᠯᠦᠭᠰᠡᠨ ᠵᠡᠷᠭᠡ ᠪᠤᠰᠤᠳ | ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠲᠥᠷᠥᠯ | ᠵᠦᠢᠯ 6858 ᠪᠠᠶᠢᠵᠤ᠂ 80.5% ᠶᠢ ᠡᠵᠡᠯᠡᠨ᠎ᠡ᠃ | ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠲᠠᠢ | 3157 ᠪᠦᠲᠦᠭᠡᠨ ᠪᠠᠶᠢᠭᠤᠯᠤᠯᠲᠠ ᠶᠢᠨ ᠨᠢᠭᠡᠴᠢ᠂ 6394 ᠪᠠᠷᠢᠯᠭ᠎ᠠ ᠶᠢᠨ ᠠᠵᠤ ᠠᠬᠤᠶᠢᠯᠠᠯ ᠢ ᠪᠠᠶᠢᠴᠠᠭᠠᠨ | ᠰᠢᠢᠳᠪᠦᠷᠢᠯᠡᠪᠡ᠃ ᠡᠭᠦᠨ ᠳᠤ᠂ ᠰᠢᠯᠵᠢᠭᠦᠯᠦᠨ ᠳᠠᠭᠠᠭᠠᠴᠢᠯᠠᠭᠤᠯᠬᠤ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ | ᠠᠬᠤᠶᠢᠯᠠᠯ 408᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠦᠶᠯᠡ ᠠᠵᠢᠯᠯᠠᠭ᠎ᠠ ᠣᠷᠣᠰᠢᠵᠤ | ᠪᠠᠶᠢᠭ᠎ᠠ ᠠᠵᠤ ᠠᠬᠤᠶᠢᠯᠠᠯ 597᠂ ᠲᠦᠰᠢᠬᠦ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ ᠠᠬᠤᠶᠢᠯᠠᠯ 112᠂ | ᠬᠢᠷᠢ ᠬᠡᠮ ᠢᠶᠠᠨ ᠵᠢᠭᠡᠯᠡᠭᠦᠯᠬᠦ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ ᠠᠬᠤᠶᠢᠯᠠᠯ 84᠂ ᠬᠠᠤᠯᠢ | ᠲᠣᠭᠲᠠᠭᠠᠯ ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠠᠵᠤ ᠠᠬᠤᠶᠢᠯᠠᠯ 5193 | ᠪᠣᠶ᠃ | ︵ᠬᠤᠶᠠᠷ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠪᠦᠷᠢᠯᠡᠭᠰᠡᠨ ᠪᠠᠶᠢᠳᠠᠯ᠃ | | ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ | ᠠᠵᠤ ᠠᠬᠤᠶᠢᠯᠠᠯ ᠪᠠ ᠠᠵᠢᠯᠲᠠᠨ ᠳᠤ ᠲᠣᠰ ᠲᠣᠰ ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠴᠢᠳᠠᠮᠵᠢ ᠶᠢᠨ | ᠵᠡᠷᠭᠡ ᠳᠡᠰ ᠢ ᠨᠢ ᠪᠠᠭᠤᠷᠠᠭᠤᠯᠬᠤ᠂ ᠬᠢᠷᠢ ᠴᠢᠳᠠᠮᠵᠢ ᠶᠢ ᠨᠢ ᠬᠦᠴᠦᠨ ᠦᠭᠡᠢ ᠪᠣᠯᠭᠠᠬᠤ᠂ ᠠᠵᠢᠯ ᠡᠷᠭᠢᠯᠡᠬᠦ ᠶᠢ ᠨᠢ | ᠵᠠᠷᠯᠢᠭᠳᠠᠨ ᠵᠣᠭᠰᠤᠭᠠᠬᠤ᠂ ᠨᠡᠶᠢᠲᠡᠯᠡᠨ ᠰᠢᠭᠦᠮᠵᠢᠯᠡᠬᠦ᠂ ᠬᠠᠤᠯᠢ ᠵᠥᠷᠢᠴᠡᠵᠦ ᠣᠯᠣᠭᠰᠠᠨ ᠣᠯᠵᠠᠪᠤᠷᠢ ᠶᠢ ᠨᠢ | ᠬᠤᠷᠢᠶᠠᠨ ᠠᠪᠬᠤ᠂ ᠵᠣᠭᠤᠰ ᠢᠶᠠᠷ ᠲᠣᠷᠭᠠᠬᠤ᠂ ᠢᠲᠡᠭᠡᠮᠵᠢ ᠶᠢ ᠨᠢ ᠵᠠᠯᠬᠠᠭᠠᠨ ᠴᠡᠭᠡᠷᠯᠡᠭᠦᠯᠬᠦ ᠵᠡᠷᠭᠡ ᠵᠠᠰᠠᠭ | ᠵᠠᠬᠢᠷᠭᠠᠨ ᠤ ᠰᠢᠳᠬᠡᠯ ᠪᠤᠶᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃ | ᠡᠭᠦᠨ ᠳᠤ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠭᠰᠡᠨ ᠠᠵᠤ ᠠᠬᠤᠶᠢᠯᠠᠯ 445᠂ | ᠬᠢᠷᠢ ᠬᠡᠮ ᠤᠨ ᠵᠡᠷᠭᠡ ᠳᠡᠰ ᠢ ᠨᠢ ᠪᠠᠭᠤᠷᠠᠭᠤᠯᠤᠭᠰᠠᠨ ᠠᠵᠤ ᠠᠬᠤᠶᠢᠯᠠᠯ 1᠂ ᠬᠢᠷᠢ ᠬᠡᠮ ᠢ ᠨᠢ ᠬᠦᠴᠦᠨ ᠦᠭᠡᠢ | ᠪᠣᠯᠭᠠᠭᠰᠠᠨ ᠠᠵᠤ ᠠᠬᠤᠶᠢᠯᠠᠯ 1᠂ ᠳᠠᠭᠠᠭᠠᠴᠢᠯᠠᠯᠲᠠ ᠳᠤ ᠣᠷᠣᠯᠴᠠᠬᠤ ᠬᠢᠷᠢ ᠬᠡᠮ ᠢ ᠨᠢ ᠬᠢᠵᠠᠭᠠᠷᠯᠠᠭᠰᠠᠨ ᠠᠵᠤ | ᠠᠬᠤᠶᠢᠯᠠᠯ 242᠂ ᠨᠡᠶᠢᠲᠡᠯᠡᠨ ᠰᠢᠭᠦᠮᠵᠢᠯᠡᠵᠦ᠂ ᠢᠲᠡᠭᠡᠮᠵᠢ ᠶᠢ ᠨᠢ ᠵᠠᠯᠬᠠᠭᠠᠨ ᠴᠡᠭᠡᠷᠯᠡᠭᠦᠯᠬᠦ ᠵᠡᠷᠭᠡ ᠪᠠᠷ | ᠰᠢᠢᠳᠪᠦᠷᠢᠯᠡᠭᠰᠡᠨ ᠠᠵᠤ ᠠᠬᠤᠶᠢᠯᠠᠯ 2114 ᠪᠠᠶᠢᠨ᠎ᠠ︔ 32 ᠬᠥᠮᠥᠨ ᠤ ᠠᠵᠢᠯ ᠡᠷᠬᠢᠯᠡᠬᠦ ᠶᠢ ᠨᠢ ᠵᠠᠷᠯᠢᠭᠳᠠᠨ | ᠵᠣᠭᠰᠣᠭᠠᠵᠤ᠂ ᠨᠡᠶᠢᠲᠡᠯᠡᠨ ᠰᠢᠭᠦᠮᠵᠢᠯᠡᠬᠦ ᠵᠡᠷᠭᠡ ᠳᠤ 1173 ᠬᠥᠮᠥᠨ ᠢ ᠰᠢᠢᠳᠪᠦᠷᠢᠯᠡᠪᠡ︔ ᠬᠠᠤᠯᠢ ᠵᠥᠷᠢᠴᠡᠵᠦ | ᠣᠯᠣᠭᠰᠠᠨ ᠠᠰᠢᠭ ᠣᠯᠵᠠᠪᠤᠷᠢ ᠶᠢᠨ ᠪᠥᠬᠦ ᠲᠤᠭ᠎ᠠ 963.43 ᠲᠦᠮᠡᠨ ᠲᠥᠭᠦᠷᠢᠭ ︵ᠬᠤᠪᠢ ᠬᠥᠮᠥᠨ ᠤ ᠬᠠᠤᠯᠢ | ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢᠨ 19.7 ᠲᠦᠮᠡᠨ ᠲᠥᠭᠦᠷᠢᠭ ᠪᠠᠭᠲᠠᠨ᠎ᠠ︶ ᠢ ᠬᠤᠷᠢᠶᠠᠨ ᠠᠪᠴᠤ᠂ | ᠲᠣᠷᠭᠠᠭᠤᠯᠢ ᠶᠢᠨ ᠵᠣᠭᠤᠰ ᠤᠨ ᠪᠥᠬᠦ ᠲᠤᠭ᠎ᠠ 61194.49 ᠲᠦᠮᠡᠨ ᠲᠥᠭᠦᠷᠢᠭ ︵ᠬᠤᠪᠢ ᠬᠥᠮᠥᠨ ᠤ | ᠲᠣᠷᠭᠠᠭᠤᠯᠢ ᠶᠢᠨ ᠵᠣᠭᠤᠰ 3255.17 ᠲᠦᠮᠡᠨ ᠲᠥᠭᠦᠷᠢᠭ ᠪᠠᠭᠲᠠᠨ᠎ᠠ︶ ᠢ ᠬᠤᠷᠢᠶᠠᠨ ᠠᠪᠤᠪᠠ᠃ | ︵ᠭᠤᠷᠪᠠ︶ ᠡᠯ᠎ᠡ ᠭᠠᠵᠠᠷ ᠤᠨ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ᠃ | ᠪᠠᠶᠢᠴᠠᠭᠠᠨ ᠰᠢᠢᠳᠪᠦᠷᠢᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠢᠨᠵᠧᠨᠧᠷᠢᠩ ᠤᠨ ᠵᠦᠢᠯᠡᠰ ᠤᠨ | ᠶᠡᠷᠦᠩᠬᠡᠢ ᠲᠤᠭ᠎ᠠ ᠠᠴᠠ ᠦᠵᠡᠪᠡᠯ᠂ ᠰᠧᠴᠤᠸᠠᠨ᠂ ᠴᠦᠩᠴᠢᠩ᠂ ᠵᠢᠶᠠᠩᠰᠤ᠂ ᠵᠢᠶᠠᠩᠰᠢ᠂ ᠯᠢᠶᠣᠤᠨᠢᠩ ᠵᠡᠷᠭᠡ 5 | ᠮᠤᠵᠢ ︵ᠬᠤᠲᠠ︶ ᠶᠢᠨ ᠪᠠᠶᠢᠴᠠᠭᠠᠨ ᠰᠢᠢᠳᠪᠦᠷᠢᠯᠡᠭᠰᠡᠨ ᠵᠦᠢᠯᠡᠰ ᠤᠨ ᠲᠤᠭ᠎ᠠ ᠬᠡᠮᠵᠢᠶ᠎ᠡ ᠨᠡᠯᠢᠶᠡᠳ ᠣᠯᠠᠨ ᠪᠠᠶᠢᠵᠤ᠂ | ᠲᠣᠰ ᠲᠣᠰ 1365᠂ 697᠂ 671᠂ 645᠂ 525 ᠶᠢ ᠪᠠᠶᠢᠴᠠᠭᠠᠨ ᠰᠢᠢᠳᠪᠦᠷᠢᠯᠡᠪᠡ ︵ᠵᠢᠷᠤᠭ 1 ᠳᠤ | ᠦᠵᠡ︶᠃ ᠪᠠᠶᠢᠴᠠᠭᠠᠨ ᠰᠢᠢᠳᠪᠦᠷᠢᠯᠡᠭᠰᠡᠨ ᠬᠠᠤᠯᠢ ᠶᠢ ᠵᠥᠷᠢᠴᠡᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ | ᠳᠠᠭᠠᠭᠠᠴᠢᠯᠠᠭᠤᠯᠤᠭᠰᠠᠨ᠂ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ ᠪᠠ ᠲᠦᠰᠢᠭᠦᠯᠦᠭᠰᠡᠨ ᠵᠡᠷᠭᠡ | ᠬᠠᠤᠯᠢ ᠲᠣᠭᠲᠠᠭᠠᠯ ᠢ ᠵᠥᠷᠢᠴᠡᠭᠰᠡᠨ 4 ᠲᠥᠷᠥᠯ ᠤᠨ ᠦᠶᠯᠡ ᠠᠵᠢᠯᠯᠠᠭ᠎ᠠ ᠠᠴᠠ ᠦᠵᠡᠪᠡᠯ᠂ ᠰᠧᠴᠤᠸᠠᠨ᠂ | ᠵᠢᠶᠠᠩᠰᠢ᠂ ᠬᠤᠪᠧᠢ᠂ ᠭᠤᠸᠠᠩᠳᠦ᠋ᠩ᠂ ᠠᠨᠾᠦ᠋ᠢ ᠵᠡᠷᠭᠡ 5 ᠮᠤᠵᠢ ᠶᠢᠨ ᠪᠠᠶᠢᠴᠠᠭᠠᠨ ᠰᠢᠢᠳᠪᠦᠷᠢᠯᠡᠭᠰᠡᠨ | ᠵᠦᠢᠯᠡᠰ ᠤᠨ ᠲᠤᠭ᠎ᠠ ᠬᠡᠮᠵᠢᠶ᠎ᠡ ᠨᠡᠯᠢᠶᠡᠳ ᠣᠯᠠᠨ ᠪᠠᠶᠢᠵᠤ᠂ ᠲᠣᠰ ᠲᠣᠰ 206᠂ 176᠂ 174᠂ 160᠂ | 154 ᠶᠢ ᠪᠠᠶᠢᠴᠠᠭᠠᠨ ᠰᠢᠢᠳᠪᠦᠷᠢᠯᠡᠪᠡ ︵ᠵᠢᠷᠤᠭ 2 ᠢ ᠦᠵᠡᠭᠡᠷᠡᠢ︶᠃ ᠲᠤᠷᠭᠠᠭᠤᠯᠢ ᠶᠢᠨ ᠵᠣᠭᠤᠰ ᠤᠨ | ᠲᠤᠭ᠎ᠠ ᠠᠴᠠ ᠦᠵᠡᠪᠡᠯ᠂ ᠾᠧᠨᠠᠨ᠂ ᠵᠢᠶᠠᠩᠰᠢ᠂ ᠯᠢᠶᠣᠤᠨᠢᠩ᠂ ᠱᠠᠨᠰᠢ᠂ ᠴᠦᠩᠴᠢᠩ ᠵᠡᠷᠭᠡ 5 ᠮᠤᠵᠢ ︵ᠬᠤᠲᠠ︶ | ᠶᠢᠨ ᠲᠤᠷᠭᠠᠭᠤᠯᠢ ᠶᠢᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠠᠶᠢᠵᠤ᠂ ᠲᠣᠰ ᠲᠣᠰ 7291.65 ᠲᠦᠮᠡᠨ | ᠲᠥᠭᠦᠷᠢᠭ᠂ 7127.92 ᠲᠦᠮᠡᠨ ᠲᠥᠭᠦᠷᠢᠭ᠂ 6435.5 ᠲᠦᠮᠡᠨ ᠲᠥᠭᠦᠷᠢᠭ᠂ 5368.6 ᠲᠦᠮᠡᠨ | ᠲᠥᠭᠦᠷᠢᠭ᠂ 4632.5 ᠲᠦᠮᠡᠨ ᠲᠥᠭᠦᠷᠢᠭ ᠢᠶᠠᠷ ᠲᠣᠷᠭᠠᠪᠠ ︵ᠵᠢᠷᠤᠭ 3 ᠶᠢ ᠦᠵᠡᠭᠡᠷᠡᠢ︶᠃ | ᠬᠤᠶᠠᠷ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ | ᠡᠯ᠎ᠡ ᠮᠤᠵᠢ ᠶᠢᠨ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ | ᠵᠠᠰᠠᠯᠲᠠ ᠶᠢᠨ ᠵᠠᠬ᠎ᠠ ᠳᠡᠯᠭᠡᠭᠦᠷ ᠤᠨ ᠲᠤᠬᠠᠢ ᠶᠢᠨ ᠲᠠᠯᠠᠪᠠᠶ ᠶᠢᠨ ᠬᠤᠯᠪᠤᠭᠠᠯᠠᠨ ᠬᠥᠳᠡᠯᠦᠯᠴᠡᠵᠦ ᠵᠠᠰᠠᠬᠤ ᠶᠢ | ᠴᠢᠩᠭᠠᠳᠬᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠳᠬᠡᠨ ᠲᠣᠷᠭᠠᠬᠤ ᠡᠷᠴᠢᠮ ᠢᠶᠠᠨ ᠴᠢᠩᠭᠠᠷᠠᠭᠤᠯᠤᠨ᠂ ᠶᠠᠰᠤ | ᠴᠢᠨᠠᠷ ᠤᠨ ᠠᠮᠤᠷ ᠲᠦᠪᠰᠢᠨ ᠤ ᠠᠳᠡᠯ ᠭᠠᠷᠤᠭᠰᠠᠨ ᠳᠤ ᠬᠠᠷᠢᠭᠤᠴᠠᠯᠭ᠎ᠠ ᠲᠠᠢ ᠠᠵᠤ ᠠᠬᠤᠶᠢᠯᠠᠯ ᠪᠠ ᠬᠤᠪᠢ | ᠬᠥᠮᠥᠨ ᠳᠤ ᠬᠠᠤᠯᠢ ᠶᠣᠰᠣᠭᠠᠷ ᠵᠣᠭᠤᠰ ᠢᠶᠠᠷ ᠲᠣᠷᠭᠠᠬᠤ᠂ ᠠᠵᠢᠯ ᠢ ᠨᠢ ᠵᠣᠭᠰᠣᠭᠠᠨ ᠴᠡᠭᠴᠡᠯᠡᠬᠦ᠂ ᠠᠵᠢᠯ | ᠡᠷᠭᠢᠯᠡᠬᠦ ᠶᠢ ᠨᠢ ᠵᠣᠭᠰᠤᠭᠠᠬᠤ᠂ ᠬᠢᠷᠢ ᠬᠡᠮ ᠢ ᠨᠢ ᠪᠠᠭᠤᠷᠠᠭᠤᠯᠬᠤ ᠪᠤᠶᠤ ᠬᠦᠴᠦᠨ ᠦᠭᠡᠢ ᠪᠣᠯᠭᠠᠬᠤ᠂ ᠠᠵᠢᠯ | ᠡᠷᠭᠢᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ᠂ ᠨᠠᠰᠤᠨ ᠲᠤᠷᠰᠢᠲᠠ ᠥᠯᠥ ᠳᠠᠩᠰᠠᠯᠠᠬᠤ ᠵᠡᠷᠭᠡ ᠰᠢᠳᠬᠡᠯ | ᠦᠭᠭᠦᠨ᠎ᠡ᠃ ᠬᠤᠲᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ | ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠤ ᠬᠠᠤᠯᠢ | ᠬᠡᠷᠡᠭᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠲᠥᠷᠥᠯ | ᠵᠦᠢᠯ ᠤᠨ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠨᠡᠶᠢᠲᠡᠯᠢᠭ ᠬᠡᠷᠡᠭ ᠤᠨ | ᠵᠢᠱᠢᠶ᠎ᠡ ᠶᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ︽ᠪᠠᠶᠢᠴᠠᠭᠠᠬᠤ ᠶᠢ ᠴᠢᠬᠤᠯᠠᠴᠢᠯᠠᠵᠤ᠂ ᠰᠢᠢᠳᠬᠡᠬᠦ ᠶᠢ | ᠬᠥᠩᠭᠡᠪᠴᠢᠯᠡᠬᠦ︾ ᠠᠴᠠ ᠵᠠᠶᠢᠯᠠᠰᠬᠢᠵᠦ᠂ ᠰᠡᠷᠡᠮᠵᠢᠯᠡᠭᠦᠯᠦᠨ ᠰᠦᠷᠳᠡᠭᠦᠯᠬᠦ ᠦᠷ᠎ᠡ ᠪᠦᠲᠦᠮᠵᠢ ᠶᠢ ᠭᠦᠢᠴᠡᠳ | ᠪᠠᠳᠠᠷᠠᠭᠤᠯᠤᠨ᠎ᠠ᠃ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠤᠯᠠᠷᠢᠯ | ᠪᠦᠷᠢ ᠳᠠᠭᠤᠰᠤᠭᠰᠠᠨ ᠤ ᠳᠠᠷᠠᠭ᠎ᠠ 10 ᠡᠳᠦᠷ ᠤᠨ ᠳᠣᠲᠣᠷ᠎ᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠳᠤ ᠴᠠᠭ | ᠲᠤᠬᠠᠢ ᠳᠤᠨᠢ ᠮᠡᠳᠡᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠢᠨᠠᠮᠠᠭᠠᠢ | ᠰᠠᠶᠢᠲᠤᠷ ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ | ᠴᠢᠩᠭ᠎ᠠ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠴᠠᠭ ᠲᠤᠬᠠᠢ ᠳᠤᠨᠢ ᠬᠠᠷᠢᠭᠤ ᠲᠤᠰᠬᠠᠨ᠎ᠠ᠃ | 2022 ᠣᠨ ᠤ ᠡᠯ᠎ᠡ ᠭᠠᠵᠠᠷ ᠤᠨ ᠪᠠᠷᠢᠯᠭ᠎ᠠ ᠶᠢᠨ ᠠᠵᠢᠯ ᠤᠨ ᠪᠠᠷᠢᠯᠭ᠎ᠠ ᠶᠢᠨ ᠠᠵᠢᠯ ᠢ ᠰᠢᠯᠵᠢᠭᠦᠯᠦᠨ | ᠳᠠᠭᠠᠭᠠᠴᠢᠯᠠᠭᠤᠯᠬᠤ ᠬᠠᠤᠯᠢ ᠶᠢ ᠵᠥᠷᠢᠴᠡᠨ ᠬᠤᠪᠢᠶᠠᠨ ᠳᠠᠭᠠᠭᠠᠴᠢᠯᠠᠭᠤᠯᠬᠤ ᠵᠡᠷᠭᠡ ᠬᠠᠤᠯᠢ ᠲᠣᠭᠲᠠᠭᠠᠯ ᠢ | ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ | ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ | ᠰᠦᠯᠵᠢᠶ᠎ᠡ | |