ᠲᠣᠭᠲᠠᠬᠤ ᠰᠢᠶᠠᠨ ᠤ 2023 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ 6 | ᠳ᠋ᠤᠭᠠᠷ ᠰᠠᠷ᠎ᠠ ᠶᠢᠨ 25 ᠤ ᠡᠳᠦᠷ᠂ 26 ᠤ ᠡᠳᠦᠷ᠂ 27 ᠤ ᠡᠳᠦᠷ ᠶᠠᠪᠤᠭᠳᠠᠨ᠎ᠠ᠂ ᠰᠢᠯᠭᠠᠯᠲᠠ ᠶᠢᠨ | ᠬᠤᠭᠤᠴᠠᠭᠠᠨ ᠳᠤ ᠪᠥᠬᠦ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠦᠭᠡᠢ | ᠨᠡᠪᠲᠡᠷᠡᠬᠦ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠰᠢᠯᠭᠠᠭᠤᠯᠤᠭᠴᠢᠳ ᠲᠤ ᠰᠠᠶᠢᠨ ᠰᠠᠶᠢᠬᠠᠨ ᠵᠠᠮ | ᠬᠠᠷᠢᠯᠴᠠᠭᠠᠨ ᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ ᠤᠷᠢᠳᠴᠢᠯᠠᠨ ᠪᠠᠶᠢᠷᠢᠯᠠᠭᠤᠯᠤᠯᠲᠠ ᠬᠢᠵᠦ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠰᠠᠨᠠᠭᠤᠯᠤᠮᠵᠢ ᠥᠭᠴᠦ᠂ ᠪᠥᠬᠦ ᠬᠦᠴᠦᠨ ᠢᠶᠠᠷ ᠢᠶᠠᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠯᠭᠠᠯᠲᠠ ᠶᠢ ᠬᠠᠮᠠᠭᠠᠯᠠᠵᠤ᠂ ︽ᠠᠮᠤᠷ ᠲᠦᠪᠰᠢᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠯᠭᠠᠯᠲᠠ︾ ᠶᠢ ᠴᠢᠷᠮᠠᠶᠢᠨ ᠪᠣᠶ ᠪᠣᠯᠭᠠᠨ᠎ᠠ᠃ | ᠰᠢᠯᠭᠠᠯᠲᠠ ᠶᠢᠨ ᠴᠡᠭ᠄ ᠲᠣᠭᠲᠠᠬᠤ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ | ᠰᠢᠯᠭᠠᠯᠲᠠ ᠶᠢᠨ ᠬᠤᠭᠤᠴᠠᠭᠠᠨ ᠳᠤ᠂ ᠲᠣᠭᠲᠠᠬᠤ ᠶᠡᠭᠡ ᠵᠡᠭᠡᠯᠢ ᠶᠢᠨ ᠬᠤᠨ ᠭᠠᠯᠠᠭᠤ ᠶᠢᠨ ᠲᠣᠨᠣᠯᠵᠢᠨ | ᠵᠠᠮ ᠠᠴᠠ ᠰᠠᠨ ᠴᠢᠶᠠᠨ ᠫᠦ᠋ ᠬᠦᠷᠬᠦ ᠵᠠᠮ ᠤᠨ ᠬᠡᠰᠡᠭ ᠲᠤ ᠨᠠᠰᠢ ᠴᠠᠰᠢ ᠥᠩᠭᠡᠷᠡᠬᠦ ᠮᠠᠰᠢᠨ ᠲᠡᠷᠭᠡ ᠲᠣᠭᠤᠷᠢᠵᠤ | ᠶᠠᠪᠤᠨ᠎ᠠ᠃ | ᠰᠢᠯᠭᠠᠯᠲᠠ ᠶᠢᠨ ᠴᠡᠭ᠄ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ | ᠰᠢᠯᠭᠠᠯᠲᠠ ᠶᠢᠨ ᠬᠤᠭᠤᠴᠠᠭᠠᠨ ᠳᠤ᠂ ᠲᠣᠭᠲᠠᠬᠤ ᠰᠢᠶᠠᠨ ᠤ ᠰᠣᠶᠣᠯ ᠤᠨ ᠪᠠᠷᠠᠭᠤᠨ ᠵᠠᠮ ᠳᠤ᠂ ᠨᠠᠰᠢ ᠴᠠᠰᠢ | ᠥᠩᠭᠡᠷᠡᠬᠦ ᠲᠡᠷᠭᠡ ᠨᠦᠭᠦᠳ ᠪᠦᠷᠢᠶ᠎ᠡ ᠳᠤᠤᠭᠠᠷᠭᠠᠵᠤ ᠪᠣᠯᠬᠤ ᠦᠭᠡᠢ᠂ ᠲᠣᠭᠤᠷᠢᠵᠤ ᠶᠠᠪᠤᠬᠤ ᠶᠢ ᠬᠢᠴᠢᠶᠡᠭᠡᠷᠡᠢ᠃ | ᠲᠦᠸᠧ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠬᠠᠯᠠᠭᠤᠨ ᠳᠣᠲᠣᠨᠣ ᠪᠠᠷ ᠰᠠᠨᠠᠭᠤᠯᠤᠭᠰᠠᠨ ᠨᠢ᠄ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠴᠡᠭ ᠤᠨ | ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠲᠤᠭ᠎ᠠ ᠬᠡᠮᠵᠢᠶ᠎ᠡ ᠶᠡᠭᠡ᠂ ᠵᠠᠮ ᠬᠠᠷᠢᠯᠴᠠᠭᠠᠨ ᠤ | ᠲᠤᠭ᠎ᠠ ᠬᠡᠮᠵᠢᠶ᠎ᠡ ᠠᠮᠠᠷᠬᠠᠨ ᠲᠦᠭᠵᠢᠷᠡᠳᠡᠭ ᠪᠣᠯᠬᠤᠷ ᠰᠢᠯᠭᠠᠭᠤᠯᠤᠭᠴᠢ ᠵᠢᠴᠢ ᠥᠷᠭᠡᠨ ᠣᠯᠠᠨ ᠭᠡᠷ ᠤᠨ ᠠᠬᠠᠮᠠᠳ | ᠨᠠᠶᠢᠵᠠ ᠨᠠᠷ ᠤᠷᠢᠳᠴᠢᠯᠠᠨ ᠭᠠᠳᠠᠭᠰᠢ ᠭᠠᠷᠴᠤ᠂ ᠵᠠᠮ ᠲᠦᠭᠵᠢᠷᠡᠬᠦ ᠪᠤᠶᠤ ᠪᠤᠰᠤᠳ ᠣᠨᠴᠠᠭᠠᠶ ᠪᠠᠶᠢᠳᠠᠯ ᠳᠤ | ᠲᠣᠬᠢᠶᠠᠯᠳᠤᠭᠰᠠᠨ ᠠᠴᠠ ᠪᠣᠯᠵᠤ ᠰᠢᠯᠭᠠᠯᠲᠠ ᠶᠢ ᠰᠠᠭᠠᠲᠠᠭᠠᠬᠤ ᠠᠴᠠ ᠰᠡᠷᠭᠡᠶᠢᠯᠡᠬᠦ ᠶᠢ ᠬᠦᠰᠡᠵᠦ ᠪᠠᠶᠢᠨ᠎ᠠ᠃ ᠡᠭᠦᠨ ᠤ | ᠬᠠᠮᠲᠤ᠂ ᠵᠢᠯᠣᠭᠤᠴᠢ ᠨᠠᠶᠢᠵᠠ ᠨᠠᠷ ᠢᠳᠡᠪᠬᠢᠲᠡᠢ ᠬᠠᠮᠵᠢᠯᠴᠠᠵᠤ᠂ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ | ᠴᠠᠭᠳᠠᠭ᠎ᠠ ᠶᠢᠨ ᠵᠢᠯᠣᠭᠤᠳᠤᠯᠭ᠎ᠠ ᠶᠢ ᠰᠣᠨᠣᠰᠴᠤ᠂ ᠬᠤᠪᠢ ᠶᠢᠨ ᠮᠠᠰᠢᠨ ᠲᠡᠷᠭᠡ ᠵᠢᠯᠤᠭᠤᠳᠬᠤ ᠶᠢ ᠪᠠᠭᠠᠰᠬᠠᠨ᠂ | ᠰᠢᠯᠭᠠᠭᠤᠯᠤᠭᠰᠠᠳ ᠲᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ ᠥᠭᠬᠦ ᠶᠢ ᠬᠦᠰᠡᠵᠦ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |