︽ᠮᠠᠨ ᠤ ᠭᠡᠷ ᠤᠨ 7 ᠮᠦ ᠭᠠᠷᠤᠢ ᠲᠠᠷᠢᠶᠠᠨ ᠭᠠᠵᠠᠷ ᠢ ᠷᠦᠩ ᠺᠦᠨ ᠤ ᠳᠠᠷᠢᠵᠤ ᠲᠡᠵᠢᠭᠡᠨ ᠦᠷᠡᠵᠢᠭᠦᠯᠬᠦ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠳᠤ ᠲᠤᠰᠢᠶᠠᠨ ᠥᠭᠴᠦ ᠨᠠᠶᠢᠳᠠᠨ ᠬᠠᠮᠢᠶᠠᠷᠤᠭᠤᠯᠵᠠᠢ᠂ ᠡᠨᠡ ᠵᠢᠯ | ᠪᠠᠷᠤᠭ ᠲᠦᠮᠡᠨ ᠲᠥᠭᠦᠷᠢᠭ ᠤᠨ ᠣᠷᠣᠯᠭ᠎ᠠ ᠲᠠᠢ ᠪᠣᠯᠣᠨ᠎ᠠ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠰᠠᠨ ᠤ | ᠳᠠᠷᠠᠭ᠎ᠠ ᠪᠢ ᠪᠠᠰᠠ ᠰᠤᠯᠠ ᠰᠡᠯᠡᠭᠦᠦ ᠴᠠᠭ ᠢᠶᠠᠨ ᠠᠰᠢᠭᠯᠠᠨ ᠭᠠᠳᠠᠭᠰᠢ ᠭᠠᠷᠴᠤ ᠬᠥᠯᠥᠰᠦᠨ ᠠᠵᠢᠯ ᠬᠢᠵᠦ ᠪᠣᠯᠣᠨ᠎ᠠ | ᠂ ᠰᠠᠷ᠎ᠠ ᠪᠦᠷᠢ ᠪᠠᠰᠠ 5000 ᠭᠠᠷᠤᠢ ᠲᠥᠭᠦᠷᠢᠭ ᠤᠨ ᠣᠷᠣᠯᠭ᠎ᠠ ᠣᠯᠵᠤ ᠪᠣᠯᠣᠨ᠎ᠠ︾ ᠭᠡᠵᠦ ᠬᠥᠬᠡᠬᠤᠲᠠ ᠶᠢᠨ | ᠲᠣᠭᠲᠠᠬᠤ ᠰᠢᠶᠠᠨ ᠤ ᠦᠱᠧᠨ ᠪᠠᠯᠭᠠᠰᠤᠨ ᠤ ᠵᠤᠯᠴᠢᠨ ᠲᠣᠰᠬᠤᠨ ᠤ ᠠᠷᠠᠳ ᠮᠠ ᠹᠧᠢ ᠹᠧᠢ ᠪᠠᠶᠠᠷᠲᠠᠢ ᠪᠠᠷ ᠬᠡᠯᠡᠪᠡ | ᠃ | | | | | ᠷᠦᠩ ᠺᠦᠨ ᠲᠠᠷᠢᠮᠠᠯ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠠᠵᠢᠯᠲᠠᠳ ᠶᠠᠭ | ᠨᠠᠶᠢᠳᠠᠨ ᠬᠠᠮᠢᠶᠠᠷᠤᠭᠤᠯᠵᠤ ᠪᠠᠶᠢᠭ᠎ᠠ ᠭᠠᠵᠠᠷ ᠰᠢᠷᠣᠢ ᠳᠡᠭᠡᠷ᠎ᠡ ᠲᠠᠷᠢᠵᠦ ᠪᠠᠶᠢᠭᠠᠳ ᠨᠢ ︵ᠯᠢᠦ ᠴᠢᠤᠸᠠᠨ ᠳ᠋ᠠ | ᠰᠡᠭᠦᠳᠡᠷᠯᠡᠪᠡ︶ | ᠲᠣᠭᠲᠠᠬᠤ ᠰᠢᠶᠠᠨ ᠤ ᠦᠱᠧᠨ ᠪᠠᠯᠭᠠᠰᠤᠨ ᠤ ᠵᠤᠯᠴᠢᠨ ᠲᠣᠰᠬᠤᠨ ᠳᠤ ᠪᠠᠶᠢᠭ᠎ᠠ ᠷᠦᠩ ᠺᠦᠨ ᠲᠠᠷᠢᠮᠠᠯ | ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ 2015 ᠣᠨ ᠠᠴᠠ ᠡᠬᠢᠯᠡᠨ ᠦᠢᠯᠡᠳᠪᠦᠷᠢᠯᠡᠯ ᠤᠨ | ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠵᠤ᠂ 8 ᠵᠢᠯ ᠤᠨ ᠬᠤᠭᠤᠴᠠᠭᠠᠨ ᠳᠤ ᠨᠡᠶᠢᠳᠡ 3.8 ᠲᠦᠮᠡ | ᠭᠠᠷᠤᠢ ᠮᠦ ᠲᠠᠷᠢᠶᠠᠨ ᠭᠠᠵᠠᠷ ᠲᠤ ᠦᠢᠯᠡᠴᠢᠯᠡᠪᠡ᠃ ᠬᠤᠷᠰᠢᠶ᠎ᠠ ᠨᠢ ᠨᠠᠶᠢᠳᠠᠯᠭ᠎ᠠ ᠪᠠᠷ ᠬᠠᠮᠢᠶᠠᠷᠬᠤ ᠡᠬᠡ ᠲᠠᠩᠰᠠ᠂ | ᠠᠵᠢᠯ ᠤᠨ ᠪᠠᠷᠢᠮᠵᠢᠶ᠎ᠠ ᠪᠠ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠮᠧᠬᠠᠨᠢᠭᠵᠢᠭᠤᠯᠬᠤ᠂ | ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ ᠲᠠᠷᠢᠶᠠᠴᠢᠨ ᠡᠷᠦᠭᠡ ᠳᠤ ︽ᠲᠠᠷᠢᠶ᠎ᠠ ᠲᠠᠢ᠂ ᠵᠣᠭᠤᠰ ᠲᠠᠢ᠂ | ᠰᠤᠯᠠ ᠰᠡᠯᠡᠭᠦᠦ ᠪᠠᠶᠢᠬᠤ︾ ᠶᠢᠨ ᠠᠮᠲᠠ ᠶᠢ ᠡᠳ᠋ᠯᠡᠭᠦᠯᠦᠭᠰᠡᠨ ᠪᠠᠶᠢᠨ᠎ᠠ᠃ ᠲᠠᠷᠢᠶᠠᠴᠢᠨ ᠡᠷᠦᠭᠡ ᠰᠠᠶᠢᠨ | ᠳᠤᠷ᠎ᠠ ᠠᠴᠠ ᠪᠠᠨ ᠬᠤᠷᠰᠢᠶ᠎ᠠ ᠲᠠᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠭᠡᠷ᠎ᠡ ᠲᠣᠭᠲᠠᠭᠠᠬᠤ ᠶᠢᠨ ᠬᠠᠮᠲᠤ | ︽ᠨᠠᠶᠢᠳᠠᠨ ᠬᠠᠮᠢᠶᠠᠷᠤᠭᠤᠯᠬᠤ ᠰᠦᠢᠳᠬᠡᠯ︾ ᠲᠤᠰᠢᠶᠠᠪᠠᠯ᠂ ᠨᠠᠶᠢᠳᠠᠨ ᠬᠠᠮᠢᠶᠠᠷᠤᠭᠤᠯᠤᠭᠰᠠᠨ ᠠᠰᠢᠭ ᠣᠷᠣᠯᠭ᠎ᠠ ᠶᠢ | ᠣᠯᠵᠤ ᠳᠡᠶᠢᠯᠬᠦ ᠠᠴᠠ ᠭᠠᠳᠠᠨ᠎ᠠ ᠪᠠᠰᠠ ᠭᠠᠳᠠᠭᠰᠢ ᠭᠠᠷᠴᠤ ᠬᠥᠯᠥᠰᠦᠨ ᠠᠵᠢᠯ ᠬᠢᠭᠡᠳ ᠣᠷᠣᠯᠭ᠎ᠠ ᠪᠠᠨ | ᠨᠡᠮᠡᠭᠳᠡᠭᠦᠯᠵᠦ ᠪᠣᠯᠣᠨ᠎ᠠ᠃ | | | | | ᠷᠦᠩ ᠺᠦᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠮᠡᠷᠭᠡᠵᠢᠯ ᠤᠨ ᠠᠵᠢᠯᠲᠠᠳ ᠲᠣᠰᠬᠤᠨ ᠤ ᠠᠷᠠᠳ ᠲᠤ | ᠵᠢᠯᠣᠭᠤᠴᠢ ᠦᠭᠡᠢ ᠨᠢᠰᠬᠡᠯ ᠢᠶᠠᠷ ᠡᠮ ᠲᠠᠷᠢᠬᠤ ᠠᠷᠭ᠎ᠠ ᠶᠢ ᠲᠦᠭᠡᠮᠡᠯᠵᠢᠭᠦᠯᠵᠦ ᠪᠠᠶᠢᠭᠠᠳ ᠨᠢ ︵ᠯᠢᠦ ᠴᠢᠤᠸᠠᠨ ᠳ᠋ᠠ | ᠰᠡᠭᠦᠳᠡᠷᠯᠡᠪᠡ︶ | ︽ᠡᠬᠢᠨ ᠳᠡᠭᠡᠨ ᠲᠠᠷᠢᠶᠠᠴᠢᠳ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠳᠤ ᠮᠠᠰᠢ ᠤᠯᠠᠨ | ᠡᠷᠡᠭᠡᠯᠵᠡᠭᠡ ᠲᠠᠢ ᠪᠠᠶᠢᠪᠠ᠂ ᠬᠤᠷᠰᠢᠶ᠎ᠠ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ ᠡᠵᠡᠩᠨᠡᠯᠲᠡ ᠶᠢᠨ ᠦᠷ᠎ᠡ | ᠠᠰᠢᠭ ᠪᠠᠭᠤᠷᠠᠬᠤ ᠠᠴᠠ ᠠᠶᠤᠵᠤ ᠪᠠᠶᠢᠭᠰᠠᠨ ᠪᠥᠭᠡᠳ ᠪᠠᠰᠠ ᠦᠷ᠎ᠡ ᠬᠢᠮᠢ ᠶᠢᠨ ᠪᠣᠷᠳᠣᠭᠤᠷ ᠤᠨ ᠶᠠᠰᠤ ᠴᠢᠨᠠᠷ ᠤᠨ | ᠠᠰᠠᠭᠤᠳᠠᠯ ᠳᠤ ᠰᠠᠨᠠᠭ᠎ᠠ ᠵᠣᠪᠠᠵᠤ ᠪᠠᠶᠢᠵᠠᠢ᠃ ᠪᠢᠳᠡ ᠬᠦᠯᠢᠴᠡᠩᠭᠦᠢ᠂ ᠨᠠᠷᠢᠨ ᠨᠢᠮᠪᠠᠢ ᠲᠠᠶᠢᠯᠪᠤᠷᠢᠯᠠᠬᠤ ᠪᠠᠷ | ᠳᠠᠮᠵᠢᠭᠤᠯᠤᠨ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠭᠡᠳᠡᠭ ᠨᠢ ᠶᠠᠭᠤ ᠪᠣᠯᠬᠤ ᠶᠢ ᠤᠯᠠᠨ ᠳᠤ ᠦᠨᠡᠨ | ᠪᠣᠳᠠᠲᠠᠢ ᠪᠠᠷ ᠣᠶᠢᠯᠠᠭᠠᠭᠤᠯᠬᠤ ᠶᠢᠨ ᠬᠠᠮᠲᠤ᠂ ᠲᠥᠪᠯᠡᠷᠡᠭᠦᠯᠦᠨ ᠲᠠᠷᠢᠬᠤ ᠨᠢ ᠭᠠᠵᠠᠷ ᠰᠢᠷᠣᠢ ᠶᠢᠨ ᠠᠰᠢᠭᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠬᠦ᠂ ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠵᠡᠷᠭᠡ ᠳᠤ | ᠠᠰᠢᠭᠲᠠᠢ ᠲᠠᠯ᠎ᠠ ᠶᠢ ᠤᠯᠠᠨ ᠳᠤ ᠲᠦᠭᠡᠮᠡᠯᠵᠢᠭᠦᠯᠬᠦ ᠪᠠᠷ ᠴᠢᠷᠮᠠᠶᠢᠵᠤ᠂ ᠲᠡᠳᠡᠨ ᠤ ᠡᠷᠡᠭᠡᠯᠵᠡᠭᠡ ᠶᠢ ᠠᠭᠠᠵᠢᠮ ᠢᠶᠠᠷ | ᠠᠯᠳᠠᠷᠠᠭᠠᠵᠤ᠂ ᠤᠯᠠᠨ ᠤ ᠢᠲᠡᠭᠡᠯ ᠢ ᠣᠯᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠤᠷᠰᠢᠶ᠎ᠠ ᠪᠠᠰᠠ | ᠪᠣᠯᠪᠠᠰᠤᠷᠠᠭᠤᠯᠬᠤ ᠠᠵᠤ ᠠᠬᠤᠶᠢᠯᠠᠯ ᠳᠤ ᠨᠠᠶᠢᠳᠠᠵᠤ ᠲᠠᠪᠤᠨ ᠲᠠᠷᠢᠶ᠎ᠠ ᠡᠯᠳᠡᠪ ᠠᠮᠤ᠂ ᠭᠤᠯᠢᠷ ᠵᠡᠷᠭᠡ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠰᠢᠷᠢᠰ ᠦᠢᠯᠡᠳᠪᠦᠷᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠪᠠᠷ ᠳᠠᠮᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ︾ ᠭᠡᠵᠦ ᠷᠦᠩ ᠺᠦᠨ | ᠲᠠᠷᠢᠮᠠᠯ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ | ᠳᠠᠷᠤᠭ᠎ᠠ ᠦ᠋ ᠹᠦ᠋ ᠪᠢᠶᠣᠣ ᠲᠠᠨᠢᠯᠴᠠᠭᠤᠯᠪᠠ᠃ ᠣᠳᠣᠬᠠᠨ ᠳᠤ᠂ ᠪᠥᠬᠦ ᠲᠣᠰᠬᠤᠨ ᠤ 120 ᠲᠠᠷᠢᠶᠠᠴᠢᠨ ᠡᠷᠦᠬᠡ | ᠭᠠᠵᠠᠷ ᠰᠢᠷᠣᠢ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠳᠤ ᠣᠷᠣᠯᠴᠠᠵᠤ᠂ ᠬᠤᠷᠰᠢᠶ᠎ᠠ ᠶᠢᠨ ᠶᠡᠭᠡ | ᠬᠡᠪᠴᠢᠶᠡᠨ ᠤ᠂ ᠣᠳᠣᠬᠢᠴᠢᠯᠠᠭᠰᠠᠨ ᠡᠵᠡᠩᠨᠡᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠪᠠ᠃ | | | | | ᠬᠤᠷᠰᠢᠶᠠᠨ ᠤ ᠥᠪᠡᠰᠦᠪᠡᠨ ᠡᠮ ᠰᠦᠷᠴᠢᠬᠦ ᠮᠠᠰᠢᠨ ᠣᠳᠣ ᠶᠠᠭ ᠨᠠᠶᠢᠳᠠᠨ ᠬᠠᠮᠢᠶᠠᠷᠤᠭᠤᠯᠵᠤ ᠪᠠᠶᠢᠭ᠎ᠠ | ᠲᠠᠷᠢᠶᠠᠨ ᠭᠠᠵᠠᠷ ᠲᠤ ᠡᠮ ᠰᠦᠷᠴᠢᠵᠦ ᠪᠠᠶᠢᠭ᠎ᠠ ᠨᠢ ︵ᠯᠢᠦ ᠴᠢᠤᠸᠠᠨ ᠳ᠋ᠠ ᠰᠡᠭᠦᠳᠡᠷᠯᠡᠪᠡ︶ | ᠣᠳᠣᠬᠠᠨ ᠳᠤ᠂ ᠲᠣᠭᠲᠠᠬᠤ ᠰᠢᠶᠠᠨ 140 ᠭᠠᠷᠤᠢ ᠬᠤᠷᠰᠢᠶ᠎ᠠ ᠪᠠᠶᠢᠭᠤᠯᠵᠤ᠂ ᠲᠠᠷᠢᠬᠤ ᠠᠴᠠ ᠬᠤᠷᠢᠶᠠᠬᠤ | ᠬᠦᠷᠲᠡᠯ᠎ᠡ᠂ ᠵᠠᠩᠭᠢᠯᠠᠭ᠎ᠠ ᠶᠢᠨ ᠬᠠᠮᠢᠶᠠᠷᠤᠯᠲᠠ ᠠᠴᠠ ᠮᠡᠷᠭᠡᠵᠢᠯ ᠤᠨ ᠦᠢᠯᠡᠴᠢᠯᠡᠭᠡ ᠬᠦᠷᠲᠡᠯ᠎ᠡ᠂ ᠬᠠᠩᠭᠠᠯᠭ᠎ᠠ ᠠᠴᠠ | ᠪᠣᠷᠣᠯᠠᠭᠤᠯᠬᠤ ᠬᠦᠷᠲᠡᠯᠡᠬᠢ ᠪᠦᠬᠦ ᠬᠡᠯᠬᠢᠶ᠎ᠡ ᠶᠢᠨ ᠦᠢᠯᠡᠴᠢᠯᠡᠭᠡ ᠶᠢ ᠬᠠᠩᠭᠠᠵᠤ᠂ ᠥᠪᠡᠷ ᠤᠨ ᠦᠷᠳᠡᠭ ᠢ ᠠᠷᠪᠢᠯᠠᠨ | ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠦᠭᠰᠡᠨ ᠪᠠᠶᠢᠨ᠎ᠠ | ᠃ ᠤᠯᠠᠮ ᠠᠴᠠ ᠤᠯᠠᠮ ᠤᠯᠠᠨ ᠬᠥᠳᠡᠭᠡ ᠲᠣᠰᠬᠤᠨ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ ᠭᠠᠵᠠᠷ | ᠰᠢᠷᠣᠢ ᠪᠠᠷ ᠬᠤᠪᠢ ᠣᠷᠣᠭᠤᠯᠵᠤ ᠬᠠᠮᠲᠤᠷᠠᠯᠴᠠᠬᠤ ᠵᠡᠷᠭᠡ ᠦᠢᠯᠡᠳᠪᠦᠷᠢᠯᠡᠯ ᠤᠨ ᠵᠠᠭᠪᠤᠷ ᠢ ᠬᠠᠶᠢᠨ ᠰᠦᠪᠡᠭᠴᠢᠯᠡᠵᠦ᠂ | ᠲᠠᠷᠢᠶᠠᠯᠠᠩ ᠤᠨ ᠬᠡᠪᠴᠢᠶᠡᠵᠢᠭᠰᠡᠨ ᠦᠢᠯᠡᠳᠪᠦᠷᠢᠯᠡᠯ᠂ ᠡᠷᠴᠢᠮᠵᠢᠭᠰᠡᠨ ᠡᠵᠡᠩᠨᠡᠯᠲᠡ ᠶᠢ ᠬᠦᠴᠦᠲᠡᠢ ᠠᠬᠢᠭᠤᠯᠵᠤ᠂ | ᠲᠠᠷᠢᠶᠠᠯᠠᠩ ᠤᠨ ᠬᠥᠭᠵᠢᠯᠲᠡ ᠪᠣᠯᠣᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠳᠤ ᠰᠢᠨ᠎ᠡ ᠠᠷᠭ᠎ᠠ ᠵᠠᠮ ᠢ | ᠨᠡᠭᠡᠭᠡᠵᠦ ᠥᠭᠴᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |