︽ᠲᠤᠭᠳᠠᠬᠤ ᠰᠢᠶᠠᠨ ᠪᠣᠯ ᠬᠠᠲᠤᠨ ᠭᠤᠣᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠲᠤ | ᠣᠷᠣᠰᠢᠵᠤ ᠪᠠᠶᠢᠳᠠᠭ᠂ ᠥᠩᠭᠡᠷᠡᠭᠰᠡᠨ ᠳᠤ ᠬᠠᠪᠤᠷ ᠤᠨ ᠰᠠᠯᠬᠢ ᠶᠡᠭᠡ ᠪᠣᠯᠬᠤ ᠦᠶ᠎ᠡ ᠳᠤ ᠨᠢᠳᠦ ᠳᠦᠭᠦᠷᠡᠩ ᠡᠯᠡᠰᠦ | ᠰᠢᠷᠣᠢ ᠲᠠᠢ ᠪᠠᠶᠢᠭᠰᠠᠨ᠂ ᠣᠳᠣ ᠠᠮᠢ ᠠᠬᠤᠢ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ | ᠪᠠᠶᠢᠨ᠎ᠠ︾ ᠭᠡᠵᠦ ᠲᠣᠰᠬᠤᠨ ᠤ ᠠᠷᠠᠳ ᠸᠠᠩ ᠡᠭᠡᠴᠢ ᠰᠡᠳᠬᠢᠯ ᠬᠥᠳᠡᠯᠦᠨ ᠬᠡᠯᠡᠪᠡ᠃ | ᠤᠢ ᠰᠢᠭᠤᠢ ᠡᠪᠡᠰᠦ ᠪᠡᠯᠴᠢᠭᠡᠷ ᠤᠨ ᠬᠥᠭᠵᠢᠯ ᠪᠠᠳᠠᠷᠠᠯ ᠲᠠᠢ ᠪᠣᠯᠪᠠᠰᠤ ᠠᠮᠢ ᠠᠬᠤᠢ ᠬᠥᠭᠵᠢᠯ ᠪᠠᠳᠠᠷᠠᠯ ᠲᠠᠢ | ᠪᠣᠯᠣᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠲᠤᠭᠳᠠᠬᠤ ᠰᠢᠶᠠᠨ ᠠᠮᠢ ᠠᠬᠤᠢ ᠶᠢᠨ ᠬᠠᠮᠠᠭᠠᠯᠠᠯᠲᠠ᠂ ᠰᠡᠷᠭᠦᠭᠡᠯᠲᠡ | ᠪᠠ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠬᠠᠲᠤᠨ ᠭᠤᠣᠯ ᠳᠠᠭᠠᠤ ᠶᠢᠨ ᠳᠣᠪᠣᠷᠬᠠᠭ ᠭᠠᠵᠠᠷ | ᠣᠷᠣᠨ᠂ ᠰᠠᠯᠬᠢ ᠡᠰᠡᠷᠭᠦ ᠪᠠᠯ ᠵᠡᠷᠭᠡ ᠠᠮᠢ ᠠᠬᠤᠢ ᠶᠢᠨ ᠬᠡᠪᠡᠷᠡᠭ ᠣᠷᠣᠨ ᠳᠤ᠂ ᠬᠠᠲᠤᠨ ᠭᠤᠣᠯ ᠤᠨ ᠤᠰᠤ ᠶᠢ | ᠲᠠᠲᠠᠵᠤ ᠭᠤᠣᠯ ᠨᠢᠷᠤᠭᠤ ᠳᠤ ᠭᠠᠷᠭᠠᠬᠤ ᠳᠤ ᠠᠮᠢ ᠠᠬᠤᠢ ᠶᠢᠨ ᠬᠤᠣᠰ ᠬᠡᠷᠡᠭᠴᠡᠭᠡᠲᠦ ᠤᠢ᠂ ᠠᠵᠤ ᠠᠬᠤᠢ ᠶᠢᠨ | ᠤᠢ᠂ ᠭᠤᠣᠯ ᠤᠨ ᠬᠠᠰᠢᠯᠭ᠎ᠠ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ᠂ ᠲᠡᠭᠰᠢ ᠭᠤᠤᠷᠰᠤ ᠪᠠᠷ | ᠢᠳᠡᠷᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠤᠢ᠂ ᠤᠢ ᠰᠢᠭᠤᠢ ᠶᠢᠨ ᠲᠣᠰᠬᠤᠨ ᠪᠠᠯᠭᠠᠰᠤ ᠶᠢ ᠡᠭᠦᠳᠦᠨ | ᠪᠠᠶᠢᠭᠤᠯᠬᠤ᠂ ᠤᠢ ᠰᠢᠭᠤᠢ ᠶᠢᠨ ᠦᠢᠯᠡᠳᠪᠦᠷᠢ ᠶᠢ ᠡᠭᠦᠳᠦᠨ ᠪᠠᠶᠢᠭᠤᠯᠬᠤ᠂ ︽ᠢᠨᠲ᠋ᠥᠷ ᠰᠦᠯᠵᠢᠶ᠎ᠡ + ᠠᠯᠪᠠᠨ | ᠵᠢᠷᠤᠮ ᠤᠨ ᠮᠣᠳᠣ ᠲᠠᠷᠢᠬᠤ︾ ᠵᠡᠷᠭᠡ ᠡᠯ᠎ᠡ ᠲᠦᠷᠦᠯ ᠤᠨ ᠠᠮᠢ ᠠᠬᠤᠢ ᠶᠢᠨ ᠢᠨᠵᠧᠨᠧᠷᠢᠩ ᠢ ᠶᠡᠷᠦᠩᠬᠡᠶᠢᠯᠡᠨ | ᠠᠬᠢᠭᠤᠯᠪᠠ᠃ ᠮᠣᠳᠣ ᠲᠠᠷᠢᠬᠤ ᠨᠤᠷᠮ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠳᠠᠷᠢᠭᠰᠠᠨ ᠮᠣᠳᠣ ᠶᠢ | ᠠᠮᠢᠯᠠᠭᠤᠯᠵᠤ᠂ ᠤᠢ ᠰᠢᠭᠤᠢ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ | ᠲᠤᠭᠳᠠᠬᠤ ᠰᠢᠶᠠᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠵᠠᠩ ᠬᠠᠢ ᠸᠧᠢ᠄ | ︽ᠲᠠᠪᠤᠨ ᠬᠤᠭᠤᠴᠠᠭᠠᠨ ᠤ ︿ᠭᠤᠷᠪᠠᠨ ᠤᠮᠠᠷᠠᠲᠤ﹀ ᠶᠢᠨ ᠬᠠᠯᠬᠠᠪᠴᠢ ᠣᠢ ᠶᠢᠨ ᠪᠦᠲᠦᠭᠡᠨ ᠪᠠᠶᠢᠭᠤᠯᠤᠯᠲᠠ ᠪᠠᠷ | ᠳᠠᠮᠵᠢᠭᠠᠳ᠂ ᠲᠤᠭᠳᠠᠬᠤ ᠰᠢᠶᠠᠨ ᠤ ᠶᠡᠷᠦᠩᠬᠡᠢ ᠨᠣᠭᠤᠭᠠᠷᠠᠭᠤᠯᠤᠯᠲᠠ ᠶᠢᠨ ᠪᠦᠷᠬᠦᠴᠡ ᠲᠠᠰᠤᠷᠠᠯᠲᠠ ᠦᠭᠡᠢ | ᠳᠡᠭᠡᠭᠰᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ︿ᠪᠣᠬᠢᠷᠲᠤᠯ ᠦᠭᠡᠢ | ᠬᠥᠷᠥᠩᠭᠡ﹀ ᠴᠦ ᠤᠯᠠᠮ ᠠᠴᠠ ᠤᠯᠠᠮ ᠡᠯᠪᠡᠭ ᠳᠡᠯᠪᠡᠭ ᠪᠣᠯᠵᠠᠢ︾ ᠭᠡᠵᠦ ᠬᠡᠯᠡᠵᠡᠢ᠃ ᠲᠤᠭᠳᠠᠬᠤ ᠰᠢᠶᠠᠨ ᠤ ︽ | ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠳᠤ᠂ ᠤᠢ ᠰᠢᠭᠤᠢ ᠶᠢᠨ ᠪᠦᠲᠦᠭᠡᠨ ᠪᠠᠶᠢᠭᠤᠯᠤᠯᠲᠠ ᠳᠤ ︽ᠤᠢ ᠰᠢᠭᠤᠢ ᠶᠢ ᠡᠵᠡᠩᠨᠡᠬᠦ ᠪᠠᠷ ᠰᠠᠭᠤᠷᠢ | ᠪᠣᠯᠭᠠᠨ᠂ ᠤᠢ ᠰᠢᠭᠤᠢ ᠶᠢ ᠨᠡᠶᠢᠳᠡᠮ ᠬᠠᠮᠠᠭᠠᠯᠠᠵᠤ᠂ ᠶᠡᠭᠡ ᠪᠠᠷ ᠣᠶᠢᠵᠢᠭᠤᠯᠬᠤ᠂ ᠣᠭᠲᠣᠯᠬᠤ ᠪᠠ | ᠪᠣᠶᠢᠵᠢᠭᠤᠯᠬᠤ ᠶᠢ ᠤᠶᠠᠯᠳᠤᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ︾ ᠴᠢᠭᠯᠡᠯᠲᠡ ᠶᠢ ᠬᠡᠷᠡᠭᠵᠢᠭᠦᠯᠪᠡ᠃ | ᠪᠦᠳᠦᠭᠦᠯᠢᠭ ᠡᠵᠡᠩᠨᠡᠯᠲᠡ ᠠᠴᠠ ᠨᠠᠷᠢᠯᠢᠭ ᠡᠵᠡᠩᠨᠡᠯᠲᠡ ᠲᠡᠰᠢ ᠲᠠᠰᠤᠷᠠᠯᠲᠠ ᠦᠭᠡᠢ ᠬᠤᠪᠢᠷᠠᠭᠤᠯᠤᠨ᠎ᠠ᠃ | ᠣᠶᠢᠵᠢᠭᠤᠯᠬᠤ ᠠᠷᠭ᠎ᠠ ᠶᠢᠨ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ | ︽ᠭᠠᠩ ᠬᠠᠭᠰᠠᠷᠠᠭᠠᠨ ᠲᠠᠢ ᠲᠡᠮᠡᠴᠡᠵᠦ ᠭᠤᠤ ᠶᠢ ᠮᠠᠯᠲᠠᠵᠤ ᠣᠶᠢᠵᠢᠭᠤᠯᠬᠤ︾ ᠰᠢᠨ᠎ᠡ ᠮᠡᠷᠭᠡᠵᠢᠯ ᠢ ᠬᠡᠷᠡᠭᠯᠡᠨ | ᠳᠡᠯᠭᠡᠷᠡᠭᠦᠯᠵᠦ᠂ ᠠᠷᠪᠠᠨ ᠵᠢᠯ ᠤᠨ ᠳᠣᠲᠣᠷ᠎ᠠ 1908 ᠾᠧᠺᠲ᠋ᠠᠷ ᠲᠠᠯᠠᠪᠠᠢ ᠶᠢ ᠳᠡᠯᠭᠡᠷᠡᠭᠦᠯᠵᠦ᠂ | ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠤᠷᠮ᠎ᠠ ᠶᠢ 90%ᠬᠦᠷᠲᠡᠯ᠎ᠡ ᠳᠡᠭᠡᠭᠰᠢᠯᠡᠭᠦᠯᠪᠡ︔ ᠦᠷ᠎ᠡ ᠪᠠ ᠵᠤᠯᠵᠠᠭ᠎ᠠ | ᠮᠣᠳᠣᠨ ᠤ ᠲᠠᠯ᠎ᠠ ᠪᠠᠷ᠂ ᠭᠠᠳᠠᠷ ᠣᠷᠣᠨ ᠤ ᠳᠠᠪᠠᠭᠤᠯᠢᠭ ᠮᠣᠳᠣᠨ ᠤ ᠲᠥᠷᠥᠯ ᠢ ᠲᠠᠷᠢᠵᠠᠢ︔ ᠮᠣᠳᠣᠨ ᠤ | ᠲᠦᠷᠦᠯ ᠤᠨ ᠪᠦᠷᠢᠯᠳᠦᠯ ᠤᠨ ᠲᠠᠯ᠎ᠠ ᠪᠠᠷ᠂ ᠲᠤᠷᠤᠭ ᠪᠤᠳᠠ ᠮᠣᠳᠣᠨ ᠤ ᠬᠤᠯᠢᠮᠠᠭ ᠤᠢ ᠶᠢᠨ ᠪᠦᠲᠦᠴᠡ ᠶᠢ | ᠬᠡᠷᠡᠭᠯᠡᠵᠦ᠂ ᠤᠢ ᠮᠣᠳᠣᠨ ᠤ ᠬᠡᠰᠡᠭᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠳᠡᠭᠡᠷ ᠠᠷᠭ᠎ᠠ ᠬᠡᠮᠵᠢᠶ᠎ᠡ ᠪᠠᠷ | ᠳᠠᠮᠵᠢᠭᠤᠯᠤᠨ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠰᠢᠰᠲ᠋ᠧᠮ ᠢ ᠲᠠᠰᠤᠷᠠᠯᠳᠠ ᠦᠭᠡᠢ | ᠲᠡᠭᠦᠯᠳᠡᠷᠵᠢᠭᠦᠯᠪᠡ᠃ | 2018 ᠣᠨ ᠳᠤ᠂ ᠲᠣᠭᠲᠠᠬᠤ ᠰᠢᠶᠠᠨ ᠪᠠᠰᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠪᠦᠬᠦᠨ ᠢᠶᠠᠷ ᠢᠶᠠᠨ ᠬᠥᠮᠥᠨ ᠤ | ᠬᠦᠴᠦ ᠪᠠᠷ ᠣᠶᠢᠵᠢᠭᠤᠯᠬᠤ ᠲᠦᠷᠦᠯ ᠵᠦᠢᠯ ᠪᠠᠶᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠡᠪᠴᠢᠶ᠎ᠡ ᠨᠢ ᠭᠦ᠋ ᠴᠧᠩ ᠪᠠᠯᠭᠠᠰᠤ᠂ ᠲᠠᠪᠢᠨ ᠭᠡᠷ ᠪᠠᠯᠭᠠᠰᠤ᠂ ᠰᠢᠨ᠎ᠡ ᠶᠢᠩᠽᠢ ᠪᠠᠯᠭᠠᠰᠤ᠂ ᠱᠤᠸᠠᠩ ᠾᠧ | ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠤᠨ 40 ᠵᠠᠰᠠᠭ ᠵᠠᠬᠢᠷᠭᠠᠨ ᠤ | ᠲᠣᠰᠬᠤᠨ ᠤ ᠤᠯᠤᠰ ᠤᠨ ᠤᠢ ᠰᠢᠭᠤᠢ ᠶᠢᠨ ᠲᠠᠯᠠᠪᠠᠢ ᠶᠢᠨ 4 ᠤᠢ ᠰᠢᠭᠤᠢ ᠶᠢᠨ ᠠᠩᠭᠢ ᠳᠤ ᠬᠤᠯᠪᠣᠭᠳᠠᠵᠠᠢ᠃ | 2021 ᠣᠨ ᠳᠤ᠂ ᠲᠦᠷᠦᠯ ᠵᠦᠢᠯ ᠤᠨ ᠠᠵᠢᠯ ᠳᠠᠭᠤᠰᠤᠭᠰᠠᠨ ᠤ ᠳᠠᠷᠠᠭ᠎ᠠ᠂ ᠶᠡᠷᠦᠩᠬᠡᠢ ᠳᠤᠨᠢ ᠡᠯᠡᠰᠦᠵᠢᠭᠰᠡᠨ | ᠭᠠᠵᠠᠷ ᠰᠢᠷᠣᠢ ᠶᠢᠨ ᠥᠷᠭᠡᠵᠢᠬᠦ ᠬᠠᠨᠳᠤᠰᠢ ᠶᠢ ᠬᠤᠷᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ | ᠰᠠᠶᠢᠵᠢᠷᠠᠵᠤ᠂ ᠪᠡᠭᠡᠵᠢᠩ ᠲᠢᠶᠠᠨᠵᠢᠨ ᠵᠢᠴᠢ ᠤᠮᠠᠷᠠᠲᠤ ᠣᠷᠣᠨ ᠤ ᠤᠮᠠᠷᠠᠲᠤ ᠬᠡᠰᠡᠭ ᠤᠨ ᠭᠠᠵᠠᠷ ᠣᠷᠣᠨ ᠤ | ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠶᠢᠭᠤᠯᠬᠤ ᠳᠤ ᠬᠦᠴᠦᠨ ᠨᠡᠮᠡᠷᠢᠯᠡᠪᠡ᠃ | | | | | ᠤᠯᠠᠨ ᠵᠢᠯ ᠤᠨ ᠲᠤᠷᠰᠢ᠂ ᠲᠤᠭᠳᠠᠬᠤ ᠰᠢᠶᠠᠨ ᠨᠣᠭᠤᠭᠠᠷᠠᠭᠤᠯᠵᠤ ᠣᠶᠢᠵᠢᠭᠤᠯᠬᠤ ᠶᠢ ᠪᠠᠷᠢᠮᠲᠠᠯᠠᠵᠤ᠂ | ᠲᠠᠯᠠᠢ ᠶᠢᠨ ᠤᠯᠠᠭᠠᠨ ᠵᠢᠮᠢᠰ᠂ ᠯᠠᠨᠵᠧᠦ ᠶᠢᠨ ᠬᠦᠢᠯᠡᠰᠦ᠂ ᠯᠢᠽᠢ ᠵᠡᠷᠭᠡ ᠠᠵᠤ ᠠᠬᠤᠢ ᠶᠢᠨ ᠤᠢ ᠶᠢᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠵᠠᠮ ᠢ ᠬᠠᠶᠢᠨ ᠰᠦᠪᠡᠭᠴᠢᠯᠡᠵᠦ᠂ ︽ᠤᠢ ᠮᠣᠳᠣ ᠨᠣᠭᠤᠭᠠᠷᠠᠵᠤ ᠠᠷᠠᠳ | ᠪᠠᠶᠠᠵᠢᠬᠤ︾ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ | ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠣᠯᠵᠠᠢ᠃ ᠵᠠᠰᠠᠭ ᠤᠨ ᠣᠷᠳᠣᠨ ᠪᠠᠰᠠ ᠪᠡᠯᠡ ᠣᠷᠣᠭᠤᠯᠤᠨ | ᠬᠠᠲᠤᠨ ᠭᠤᠣᠯ ᠤᠨ ᠤᠰᠤ ᠶᠢ ᠬᠥᠲᠥᠯ ᠳᠤ ᠲᠠᠲᠠᠵᠤ᠂ ᠣᠶ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠦᠨᠡᠨ ᠬᠦ | ᠪᠠᠲᠤᠯᠠᠵᠤ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ | ᠲᠤᠬᠠᠢ ᠶᠢᠨ ᠭᠠᠵᠠᠷ ᠤᠨ ᠠᠷᠠᠳ ᠢᠷᠭᠡᠳ ᠤᠨ ︽ᠵᠣᠭᠤᠰᠤᠨ ᠤᠭᠤᠲᠠ︾ ᠶᠢ ᠴᠤ ᠬᠥᠪᠴᠢᠯᠡᠵᠡᠢ᠃ | ᠣᠶᠢᠷ᠎ᠠ ᠶᠢᠨ ᠵᠢᠯ ᠠᠴᠠ ᠨᠠᠭᠠᠰᠢ᠂ ᠲᠤᠭᠳᠠᠬᠤ ᠰᠢᠶᠠᠨ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠵᠤ᠂ 3.3 ᠺᠢᠯᠣᠮᠧᠲᠷ ᠤᠨ ᠬᠠᠲᠤᠨ ᠭᠤᠣᠯ | ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ᠂ ᠭᠤᠣᠯ ᠤᠨ ᠳᠠᠷᠤᠭ᠎ᠠ ᠶᠢᠨ | ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠂ 24 ᠴᠠᠭ ᠤᠨ ᠬᠠᠲᠤᠨ ᠭᠤᠣᠯ ᠳᠤ | ᠣᠷᠣᠭᠤᠯᠬᠤ ᠤᠰᠤᠨ ᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠪᠠᠶᠢᠭᠠᠯᠢ ᠶᠢᠨ | ᠣᠶ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠣᠳᠣᠬᠠᠨ ᠳᠤ ᠨᠢᠭᠡᠨᠲᠡ 5.9 ᠲᠦᠮᠡᠨ ᠮᠦ ᠶᠢ | ᠪᠡᠶᠡᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢᠨ | ᠪᠠᠶᠠᠵᠢᠨ ᠴᠢᠨᠡᠭᠡᠯᠢᠭᠵᠢᠭᠰᠡᠨ ᠠᠯᠲᠠᠨ ᠠᠭᠤᠯᠠ ᠮᠥᠩᠭᠦᠨ ᠠᠭᠤᠯᠠ ᠪᠣᠯᠭᠠᠨ ᠬᠤᠪᠢᠷᠠᠭᠤᠯᠪᠠ᠃ | ᠰᠢᠨ᠎ᠡ ᠠᠶᠠᠨ ᠳᠤ᠂ ᠲᠤᠭᠳᠠᠬᠤ ᠰᠢᠶᠠᠨ ᠪᠣᠳᠠᠲᠤ ᠠᠵᠢᠯᠯᠠᠭ᠎ᠠ ᠪᠠᠷ ᠢᠶᠠᠨ ︽ᠠᠭᠤᠯᠠ ᠦᠭᠡᠢ ᠪᠣᠯ | ᠨᠣᠭᠤᠭᠠᠨ ᠦᠭᠡᠢ︾ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ ᠪᠠᠶᠢᠨ᠎ᠠ᠃ ᠵᠠᠩ ᠬᠠᠢ ᠸᠧᠢ ᠬᠡᠯᠡᠬᠦ ᠳᠡᠭᠡᠨ᠄ ︽ | ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠡᠪᠡᠰᠦ ᠳᠠᠷᠢᠵᠤ ᠣᠶᠢᠵᠢᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠢᠯᠠᠩᠭᠤᠶ᠎ᠠ ᠠᠮᠢ ᠠᠬᠤᠢ ᠬᠡᠪᠡᠷᠡᠭ ᠭᠠᠵᠠᠷ ᠣᠷᠣᠨ ᠳᠤ᠂ ᠡᠯᠡᠰᠦ ᠶᠢ ᠰᠡᠷᠭᠡᠶᠢᠯᠡᠨ ᠵᠠᠰᠠᠬᠤ | ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠶᠢᠨ ᠬᠠᠮᠲᠤ᠂ ︿ᠭᠤᠷᠪᠠᠨ ᠤᠮᠠᠷᠠᠲᠤ﹀ ᠶᠢᠨ ᠬᠠᠯᠬᠠᠪᠴᠢ ᠣᠶ ᠶᠢᠨ | ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠢ ᠠᠬᠤᠢ ᠶᠢᠨ | ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠡᠵᠢ ᠭᠤᠣᠯ ᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ | ᠦᠵᠡᠭᠦᠯᠦᠨ᠎ᠡ︾ ᠭᠡᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |