2023 ᠣᠨ ᠤ 6 ᠳ᠋ᠤᠭᠠᠷ ᠰᠠᠷ᠎ᠠ ᠶᠢᠨ 23 ᠤ ᠡᠳᠦᠷ᠂ ︽ᠨᠠᠮᠤᠷ ᠤᠨ ᠰᠡᠷᠢᠭᠦᠨ ᠴᠡᠴᠡᠭ ᠤᠨ | ᠱᠦᠯᠲᠦ ᠶᠢᠨ ᠡᠮᠴᠢᠯᠡᠭᠡᠨ ᠤ ᠬᠥᠩᠭᠡᠨ ᠳᠤᠮᠳᠠ ᠵᠡᠷᠭᠡ ᠶᠢᠨ ᠴᠢᠰᠤ ᠳᠤᠲᠠᠬᠤ ᠴᠢᠨᠠᠷᠲᠠᠢ ᠲᠠᠷᠢᠬᠢᠨ ᠰᠠ ᠡᠪᠡᠳᠴᠢᠨ | ᠪᠤᠶᠤ ᠲᠦᠷ ᠴᠠᠭ ᠤᠨ ᠴᠢᠨᠠᠷᠲᠠᠢ ᠲᠠᠷᠢᠬᠢᠨ ᠳᠤ ᠴᠢᠰᠤ ᠳᠤᠲᠠᠬᠤ ᠡᠪᠡᠳᠴᠢᠨ ᠡᠭᠦᠰᠬᠦ ᠠᠶᠤᠯ ᠶᠡᠬᠡᠲᠡᠢ ᠬᠥᠮᠥᠰ ᠤᠨ | ᠡᠮᠴᠢᠯᠡᠭᠡᠨ ᠤ ᠦᠢᠯᠡᠳᠦᠯ ᠤᠨ ᠰᠤᠳᠤᠯᠤᠯ ︵CHANCE-3︶︾ ᠤᠨ ᠪᠥᠬᠦ ᠤᠯᠤᠰ ᠤᠨ ᠬᠤᠪᠢᠶᠠᠷᠢ | ᠲᠥᠪ ᠤᠨ ᠰᠢᠯᠢᠳᠡᠭ ᠢ ᠰᠢᠯᠭᠠᠷᠠᠭᠤᠯᠬᠤ ᠶᠠᠪᠤᠴᠠ ᠳᠤ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ | ᠮᠡᠳᠡᠷᠡᠯ ᠤᠨ ᠳᠣᠲᠣᠷ ᠰᠠᠯᠠᠭᠠᠨ ᠤ ᠬᠢᠨ CHANCE-3 ᠶᠢᠨ ᠪᠥᠬᠦ ᠤᠯᠤᠰ ᠤᠨ ᠬᠤᠪᠢᠶᠠᠷᠢ ᠲᠥᠪ ᠤᠨ | ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠤᠯᠤᠰ ᠤᠨ ᠬᠤᠷᠠᠯ ᠤᠨ ᠲᠥᠪ ᠲᠤ ᠬᠥᠬᠢᠭᠦᠯᠦᠯ ᠭᠥᠷᠳᠡᠭᠰᠡᠨ | ᠪᠠᠶᠢᠨ᠎ᠠ᠃ | | | | | ᠨᠠᠮᠤᠷ ᠤᠨ ᠰᠡᠷᠢᠭᠦᠨ ᠴᠡᠴᠡᠭ ᠤᠨ ᠱᠦᠯᠲᠦ ᠶᠢᠨ ᠵᠠᠰᠠᠯᠭ᠎ᠠ ᠶᠢᠨ ᠬᠥᠩᠭᠡᠨ ᠳᠤᠮᠳᠠ ᠵᠡᠷᠭᠡ ᠶᠢᠨ ᠴᠢᠰᠤ | ᠳᠤᠲᠠᠬᠤ ᠴᠢᠨᠠᠷᠲᠠᠢ ᠲᠠᠷᠢᠬᠢᠨ ᠰᠠ ᠳᠠᠭᠠᠷᠢᠬᠤ ᠪᠤᠶᠤ ᠲᠦᠷ ᠵᠠᠭᠤᠷ᠎ᠠ ᠶᠢᠨ ᠴᠢᠨᠠᠷᠲᠠᠢ ᠲᠠᠷᠢᠬᠢᠨ ᠳᠤ ᠴᠢᠰᠤ ᠳᠤᠲᠠᠬᠤ | ᠡᠪᠡᠳᠴᠢᠨ ᠡᠭᠦᠰᠬᠦ ᠠᠶᠤᠯ ᠶᠡᠬᠡᠲᠡᠢ ᠬᠥᠮᠥᠰ ᠤᠨ ᠡᠮᠴᠢᠯᠡᠭᠡᠨ ᠤ ᠦᠢᠯᠡᠳᠦᠯ ᠤᠨ ᠰᠤᠳᠤᠯᠤᠯ ︵CHANCE-3 | ᠰᠤᠳᠤᠯᠤᠯ︶ ᠪᠣᠯ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ | ᠤᠬᠠᠭᠠᠨ ᠤ ᠰᠤᠳᠤᠯᠭᠠᠨ ᠤ ᠲᠥᠪ ᠤᠨ ᠲᠥᠷᠥᠯ ᠵᠦᠢᠯ ᠤᠨ ᠳᠡᠮᠵᠢᠯᠭᠡ ᠳᠤ ᠲᠦᠰᠢᠭᠯᠡᠨ᠂ ᠨᠡᠶᠢᠰᠯᠡᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠲᠢᠶᠠᠨ ᠲᠠᠨ ᠡᠮᠨᠡᠯᠭᠡ ᠶᠢᠨ ᠬᠤᠷᠢᠶ᠎ᠠ ᠶᠢᠨ | ᠲᠦᠷᠦᠭᠦᠯᠡᠨ ᠥᠷᠨᠢᠭᠦᠯᠦᠭᠰᠡᠨ ᠨᠢᠭᠡ ᠵᠦᠢᠯ ᠤᠨ ᠣᠯᠠᠨ ᠲᠥᠪ ᠲᠠᠢ᠂ ᠲᠠᠰᠢᠷᠠᠮ ᠤᠨ ᠬᠤᠣᠰ ᠬᠠᠷᠠᠯᠭᠠᠨ᠂ | ᠵᠡᠷᠭᠡᠴᠡᠭᠡ ᠬᠠᠷᠢᠴᠠᠭᠤᠯᠤᠯ ᠡᠮᠴᠢᠯᠡᠭᠡᠨ ᠤ ᠰᠤᠳᠤᠯᠤᠯ ᠪᠣᠯᠣᠨ᠎ᠠ᠃ ᠲᠣᠰ ᠲᠥᠷᠥᠯ ᠵᠦᠢᠯ ᠢ ᠤᠯᠤᠰ ᠤᠨ | ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ᠂ | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠲᠢᠶᠠᠨ ᠲᠠᠨ ᠡᠮᠨᠡᠯᠭᠡ ᠶᠢᠨ | ᠬᠤᠷᠢᠶ᠎ᠠ᠂ ᠲᠢᠶᠠᠨ ᠲᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠸᠠᠩ ᠶᠤᠸᠠᠨ ᠵᠢᠶᠦ᠋ᠨ ᠵᠢᠴᠢ ᠲᠡᠭᠦᠨ ᠤ ᠪᠦᠯᠬᠦᠮ᠂ | ᠲᠠᠰᠤᠷᠠᠯᠲᠠ ᠦᠭᠡᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠥᠨᠳᠦᠷᠯᠢᠭ ᠢ ᠰᠢᠪᠲᠤᠯᠵᠤ᠂ ᠪᠥᠬᠦ | ᠤᠯᠤᠰ ᠤᠨ 220 ᠰᠤᠳᠤᠯᠭᠠᠨ ᠤ ᠡᠮᠨᠡᠯᠭᠡ ᠶᠢᠨ ᠬᠤᠷᠢᠶᠠᠨ ᠤ 4000 ᠭᠠᠷᠤᠢ ᠰᠤᠳᠤᠯᠤᠭᠴᠢ ᠲᠠᠢ ᠬᠠᠮᠵᠢᠯᠴᠠᠨ | ᠲᠤᠭ᠎ᠠ ᠪᠠᠷᠢᠮᠲᠠ ᠴᠤᠭᠯᠠᠭᠤᠯᠬᠤ ᠶᠢ ᠴᠢᠨᠠᠷ ᠰᠠᠶᠢᠲᠠᠢ ᠪᠡᠶᠡᠯᠡᠭᠦᠯᠬᠦ ᠳᠤ ᠣᠷᠣᠯᠴᠠᠭᠰᠠᠨ ᠪᠠᠶᠢᠨ᠎ᠠ᠃ | | | | | ᠲᠣᠰ ᠲᠥᠷᠥᠯ ᠵᠦᠢᠯ ᠳᠤ ᠪᠥᠬᠦ ᠤᠯᠤᠰ ᠤᠨ ᠬᠡᠪᠴᠢᠶᠡᠨ ᠳᠤ 300 ᠭᠠᠷᠤᠢ ᠬᠤᠪᠢᠶᠠᠷᠢ ᠲᠥᠪ ᠢ ᠡᠯᠰᠡᠵᠦ | ᠂ ᠪᠥᠬᠦ ᠤᠯᠤᠰ ᠲᠤ ᠨᠡᠶᠢᠲᠡ 14449 ᠬᠥᠮᠥᠨ ᠢ ᠰᠢᠯᠢᠨ ᠰᠣᠩᠭᠤᠵᠤ᠂ 24 ᠴᠠᠭ ᠤᠨ ᠳᠣᠲᠣᠷ᠎ᠠ | hsCRP′2mg/L ᠤᠨ ᠬᠥᠩᠭᠡᠨ ᠳᠤᠮᠳᠠ ᠵᠡᠷᠭᠡ ᠶᠢᠨ ᠴᠢᠰᠤ ᠳᠤᠲᠠᠬᠤ ᠴᠢᠨᠠᠷᠲᠠᠢ ᠲᠠᠷᠢᠬᠢᠨ ᠤ ᠰᠠ | ᠳᠠᠭᠠᠷᠢᠬᠤ ᠪᠤᠶᠤ ᠲᠦᠷ ᠴᠠᠭ ᠤᠨ ᠴᠢᠨᠠᠷᠲᠠᠢ ᠲᠠᠷᠢᠬᠢᠨ ᠳᠤ ᠴᠢᠰᠤ ᠳᠤᠲᠠᠬᠤ ︵TIA︶ ᠠᠶᠤᠯ ᠶᠡᠬᠡᠲᠡᠢ | ᠡᠪᠡᠳᠴᠢᠲᠡᠨ ᠢ 8369 ᠰᠢᠯᠢᠨ ᠰᠣᠩᠭᠤᠵᠤ᠂ ᠠᠮᠵᠢᠯᠲᠠ ᠣᠯᠣᠭᠰᠠᠨ ᠨᠣᠷᠮ᠎ᠠ ᠨᠢ 57.9% ᠳᠤ ᠭᠦᠷᠦᠭᠰᠡᠨ | ᠪᠠᠶᠢᠨ᠎ᠠ᠃ ᠲᠣᠰ ᠲᠥᠷᠥᠯ ᠵᠦᠢᠯ ᠳᠤ ᠪᠥᠬᠦ ᠤᠯᠤᠰ ᠤᠨ ᠬᠡᠪᠴᠢᠶᠡᠨ ᠳᠤ 300 ᠭᠠᠷᠤᠢ ᠬᠤᠪᠢᠶᠠᠷᠢ ᠲᠥᠪ ᠢ | ᠰᠢᠯᠢᠨ ᠰᠣᠩᠭᠤᠵᠤ᠂ ᠲᠣᠰ ᠲᠥᠷᠥᠯ ᠵᠦᠢᠯ ᠳᠤ ᠨᠡᠶᠢᠲᠡ 8369 ᠬᠥᠮᠥᠨ ᠢ ᠰᠢᠯᠢᠨ ᠰᠣᠩᠭᠤᠵᠤ᠂ ᠰᠢᠯᠢᠨ | ᠰᠣᠩᠭᠤᠵᠤ ᠠᠮᠵᠢᠯᠲᠠ ᠣᠯᠣᠭᠰᠠᠨ ᠨᠣᠷᠮ᠎ᠠ ᠨᠢ 57.9% ᠳᠤ ᠭᠦᠷᠦᠭᠰᠡᠨ ᠪᠠᠶᠢᠨ᠎ᠠ᠃ ᠲᠤᠭᠳᠠᠬᠤ ᠰᠢᠶᠠᠨ ᠤ | ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠬᠢᠨ ᠨᠡᠶᠢᠲᠡ 85 ᠬᠥᠮᠥᠨ ᠢ ᠰᠢᠯᠢᠨ ᠰᠣᠩᠭᠤᠵᠤ᠂ | 76 ᠬᠥᠮᠥᠨ ᠢ ᠳᠤᠭᠤᠶᠢᠯᠠᠩ ᠳᠤ ᠣᠷᠣᠭᠤᠯᠵᠤ᠂ ᠪᠥᠬᠦ ᠤᠯᠤᠰ ᠲᠤ 26 ᠳ᠋ᠤᠭᠠᠷ ᠲᠤ ᠵᠢᠭᠰᠠᠭᠠᠭᠳᠠᠵᠤ᠂ ᠪᠥᠬᠦ | ᠤᠯᠤᠰ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠂ ᠯᠢᠦ ᠶᠢᠦ ᠵᠢᠶᠦ᠋ᠨ ᠱᠦᠵᠢ᠂ ᠹᠠᠨ ᠵᠢᠶᠠᠨ ᠫᠢᠩ | ᠡᠷᠬᠢᠯᠡᠭᠴᠢ᠂ ᠬᠤᠸ ᠮᠧᠶ ᠰᠢᠸ ᠡᠷᠬᠢᠯᠡᠭᠴᠢ ᠱᠠᠩᠨᠠᠯ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ | ᠤᠷᠢᠯᠭ᠎ᠠ ᠪᠠᠷ ᠳᠤᠮᠳᠠᠳᠤ ᠤᠯᠤᠰ ᠤᠨ ᠨᠥᠭᠴᠢᠭᠰᠡᠳ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠶᠢᠰᠦᠳᠦᠭᠡᠷ | ᠬᠤᠭᠤᠴᠠᠭᠠᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠳᠤ ᠣᠷᠣᠯᠴᠠᠵᠠᠢ᠃ | | | | | ᠮᠠᠨ ᠤ ᠤᠯᠤᠰ ᠲᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ | ᠪᠣᠳᠣᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠴᠠᠭ ᠦᠶ᠎ᠡ ᠶᠢ ᠬᠦᠴᠦᠯᠡᠨ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠵᠤ᠂ ᠮᠠᠨ ᠤ ᠤᠯᠤᠰ ᠤᠨ ᠲᠠᠷᠢᠬᠢᠨ ᠤ | ᠴᠢᠰᠤᠨ ᠰᠤᠳᠠᠯ ᠤᠨ ᠡᠪᠡᠳᠴᠢᠨ ᠤ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ | ᠡᠨᠧᠷᠭᠢ ᠲᠤᠰ ᠤᠳᠠᠭ᠎ᠠ ᠶᠢᠨ ᠬᠤᠷᠠᠯ ᠨᠢ ︽ᠨᠥᠭᠴᠢᠭᠰᠡᠳ ᠤᠨ ᠳᠤᠮᠳᠠᠬᠢ ᠠᠮᠢ ᠠᠬᠤᠢ ᠶᠢᠨ ᠬᠦᠷᠢᠶ᠎ᠡ︾ ᠪᠠᠷ | ᠭᠤᠣᠯ ᠤᠬᠠᠭᠳᠠᠬᠤᠨ ᠪᠣᠯᠭᠠᠵᠤ᠂ ᠲᠠᠷᠢᠬᠢᠨ ᠤ ᠴᠢᠰᠤᠨ ᠰᠤᠳᠠᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠪᠣᠯᠣᠨ | ᠡᠮᠴᠢᠯᠡᠭᠡᠨ ᠤ ᠪᠠᠶᠢᠭᠤᠯᠤᠮᠵᠢ᠂ ᠰᠤᠳᠤᠯᠭᠠᠨ ᠤ ᠪᠠᠶᠢᠭᠤᠯᠤᠮᠵᠢ ᠪᠣᠯᠣᠨ ᠡᠷᠳᠡᠮ ᠰᠢᠨᠵᠢᠯᠡᠭᠡᠨ ᠤ ᠲᠠᠪᠴᠠᠩ ᠤᠨ | ᠬᠤᠭᠤᠷᠣᠨᠳᠣᠬᠢ ᠤᠯᠠᠨ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ | ᠮᠡᠷᠭᠡᠵᠢᠯ ᠪᠣᠯᠣᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠭᠠᠷᠭᠠᠯᠲᠠ ᠶᠢ ᠠᠬᠢᠭᠤᠯᠵᠤ᠂ ᠡᠴᠦᠰ ᠲᠡᠭᠡᠨ | ᠡᠪᠡᠳᠴᠢᠲᠡᠨ ᠳᠤ ᠠᠰᠢᠭ ᠬᠦᠷᠲᠡᠭᠡᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ | ᠡᠮᠴᠢᠯᠡᠭᠡᠨ ᠳᠤ ᠦᠢᠯᠡᠴᠢᠯᠡᠪᠡ᠃ | 2022 ᠣᠨ ᠢ ᠡᠷᠭᠢᠴᠡᠭᠦᠯᠬᠦᠶ᠎ᠡ᠂ ᠪᠦᠬᠦ ᠪᠥᠮᠪᠥᠷᠴᠡᠭ ᠤᠨ ᠰᠢᠨ᠎ᠡ ᠪᠠᠷ ᠲᠢᠳᠢᠮᠯᠢᠭ ᠬᠢᠵᠢᠭ ᠤᠨ ᠪᠠᠶᠢᠳᠠᠯ ᠢ | ᠪᠠᠶᠢᠩᠭᠤᠵᠢᠭᠤᠯᠬᠤ ᠠᠬᠢᠴᠠ ᠶᠢᠨ ᠳᠣᠣᠷ᠎ᠠ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠮᠡᠳᠡᠷᠡᠯ ᠤᠨ | ᠳᠣᠲᠣᠷ ᠰᠠᠯᠠᠭᠠᠨ ᠤ ᠬᠢᠨ ᠢᠮᠠᠭᠲᠠ ᠠᠷᠠᠳ ᠲᠦᠮᠡᠨ ᠢ ᠳᠡᠭᠡᠳᠦᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠴᠠᠭ ᠦᠶ᠎ᠡ ᠶᠢᠨ ᠠᠯᠬᠤᠮ ᠢ ᠰᠠᠯᠤᠯ ᠦᠭᠡᠢ ᠳᠠᠭᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠭᠠᠷᠮᠠᠭᠠᠢ | ᠠᠮᠵᠢᠯᠲᠠ ᠶᠢ ᠬᠥᠭᠡᠭᠡᠴᠡᠯᠳᠦᠵᠦ᠂ ᠲᠠᠰᠤᠷᠠᠯᠳᠡ ᠦᠭᠡᠢ ᠤᠷᠤᠭᠰᠢᠯᠠᠵᠠᠭᠠᠶ᠎ᠠ︕ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |