6 ᠳ᠋ᠤᠭᠠᠷ ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | 108 ᠳ᠋ᠤᠭᠠᠷ ᠬᠤᠷᠠᠯ ᠵᠢᠴᠢ ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠭᠤᠣᠯᠳᠠᠯᠭ᠎ᠠ ᠲᠠᠢ | ᠠᠵᠤ ᠦᠢᠯᠡᠰ ᠤᠨ ᠲᠥᠷᠥᠯ ᠵᠦᠢᠯ ᠤᠨ ᠦᠢᠯᠡᠴᠢᠯᠡᠭᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠳ᠋ᠦᠩ ᠱᠧᠩ ᠬᠤᠷᠠᠯ ᠢ ᠡᠷᠭᠢᠯᠡᠪᠡ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ 2023 ᠣᠨ ᠤ ᠵᠢᠷᠭᠤᠳᠤᠭᠠᠷ᠂ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ | ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ | ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠪᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ | ᠬᠤᠷᠢᠶ᠎ᠠ ᠶᠢᠨ ᠢᠨᠲ᠋ᠧᠷ ᠰᠦᠯᠵᠢᠶᠡᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ | ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2023 ᠣᠨ ᠤ | ᠠᠵᠢᠯ ᠤᠨ ᠭᠤᠣᠯᠳᠠᠯᠭ᠎ᠠ︾ ᠶᠢ ᠰᠤᠳᠤᠯᠤᠨ ᠶᠠᠷᠢᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ | ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠳᠤ ᠬᠡᠷᠡᠭᠯᠡᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠪᠠᠷ ᠭᠤᠣᠯ ᠭᠠᠷᠳᠠᠴᠠ ᠪᠣᠯᠭᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠡᠷᠡᠰ | ᠰᠢᠭᠤᠷᠬᠠᠢ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠣᠯᠣᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ︽ | ᠬᠤᠶᠠᠷ ᠢ ᠲᠤᠭᠳᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠬᠦ ᠬᠡᠷᠡᠭᠲᠡᠢ᠃ | ᠪᠣᠳᠠᠲᠠᠢ ᠠᠵᠢᠯ ᠬᠢᠬᠦ ᠳᠡᠭᠡᠷ᠎ᠡ ᠬᠦᠴᠦ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠳᠠᠬᠢ | ᠢᠮᠠᠭᠲᠠ ᠲᠤᠤᠱᠯᠠᠭᠤᠯᠤᠭᠰᠠᠨ ᠱᠠᠭᠠᠷᠳᠠᠯᠭ᠎ᠠ᠂ ᠤᠷᠲᠤᠳᠬᠠᠨ ᠥᠷᠭᠡᠳᠬᠡᠬᠦ ᠱᠠᠭᠠᠷᠳᠠᠯᠭ᠎ᠠ ᠪᠠ ᠰᠢᠨ᠎ᠡ ᠪᠠᠷ | ᠳᠤᠷᠠᠳᠤᠭᠰᠠᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠴᠢᠬᠤᠯᠠ | ᠶᠡᠭᠡ ᠪᠣᠳᠣᠯᠬᠢᠯᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠣᠶᠢᠯᠠᠭᠠᠨ ᠲᠤᠤᠱᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠡᠳᠦᠪ ᠢ | ᠵᠠᠳᠠᠯᠬᠤ ᠲᠠᠯ᠎ᠠ ᠪᠠᠷ ᠦᠨᠡᠨ ᠪᠠᠶᠢᠳᠠᠯ ᠢ ᠢᠯᠡᠷᠡᠭᠦᠯᠵᠦ᠂ ᠴᠢᠬᠤᠯᠠ ᠶᠡᠭᠡ ᠰᠡᠳᠦᠪ ᠪᠠ ᠴᠤ᠋ ᠰᠢᠨ᠎ᠡ ᠡᠭᠦᠷᠭᠡ ᠶᠢ ᠪᠦᠬᠦ | ᠲᠠᠯ᠎ᠠ ᠪᠠᠷ ᠲᠣᠭᠠᠯᠠᠨ ᠪᠦᠷᠢᠳᠬᠡᠵᠦ᠂ ᠲᠦᠭᠵᠢᠷᠡᠯ ᠤᠨ ᠴᠡᠭ ᠢ ᠡᠮᠬᠢᠯᠡᠵᠦ᠂ ᠠᠰᠠᠭᠤᠳᠠᠯ ᠤᠨ ᠨᠠᠷᠢᠨ ᠳᠠᠩᠰᠠ ᠶᠢ | ᠡᠮᠬᠢᠯᠡᠵᠦ᠂ ᠲᠤᠰᠬᠠᠢ ᠰᠡᠳᠦᠪ ᠢᠶᠠᠷ ᠰᠤᠳᠤᠯᠬᠤ ᠬᠡᠷᠡᠭᠲᠡᠢ᠃ ᠪᠣᠳᠠᠲᠠᠢ ᠠᠳᠬᠤᠨ ᠲᠦᠷᠭᠡᠨ ᠠᠵᠢᠯᠯᠠᠬᠤ ᠳᠤᠮᠳᠠ | ᠦᠷ᠎ᠡ ᠪᠦᠲᠦᠭᠡᠯ ᠭᠠᠷᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠬᠤ ᠠᠶᠢᠵᠠᠮ ᠢᠶᠠᠷ ᠰᠤᠷᠤᠯᠴᠠᠨ | ᠲᠤᠤᠱᠯᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ | ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠴᠤ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ | ᠪᠣᠯᠬᠤ ᠶᠢ ᠲᠠᠨᠢᠬᠤ ᠬᠡᠷᠡᠭᠲᠡᠢ᠃ ᠮᠠᠨ ᠤ ᠰᠢᠶᠠᠨ ᠪᠣᠯ ᠬᠠᠲᠤᠨ ᠭᠤᠣᠯ ᠤᠨ ︽几ᠦᠰᠦᠭᠲᠦ ᠪᠤᠯᠤᠩ︾ ᠤᠨ | ᠴᠢᠬᠤᠯᠠ ᠵᠠᠩᠭᠢᠯᠠᠭ᠎ᠠ ᠶᠢᠨ ᠭᠠᠵᠠᠷ ᠣᠷᠣᠨ ᠳᠤ ᠣᠷᠣᠰᠢᠵᠤ᠂ ᠨᠡᠩ ᠴᠤ ᠠᠷᠪᠠᠨ ᠵᠢᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠪᠡᠷᠬᠡ ᠬᠠᠲᠠᠭᠤᠵᠢᠯᠲᠤ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠥᠪᠡᠷ ᠤᠨ | ᠦᠷᠳᠡᠭ ᠢ ᠪᠤᠳᠤᠬᠤ ᠦᠭᠡᠢ᠂ ᠦᠨ᠎ᠡ ᠦᠷᠳᠡᠭ ᠢ ᠪᠤᠳᠤᠬᠤ ᠦᠭᠡᠢ ᠪᠠᠷ ᠤᠯᠤᠰ ᠲᠦᠷᠦ ᠶᠢᠨ ᠡᠭᠦᠷᠭᠡ ᠶᠢ | ᠪᠡᠶᠡᠯᠡᠭᠦᠯᠬᠦ ᠡᠷᠡᠰ ᠣᠪᠣᠷ ᠠᠪᠴᠤ᠂ ᠪᠣᠳᠠᠲᠠᠢ ᠠᠳᠬᠤᠵᠤ ᠲᠦᠷᠭᠡᠨ ᠠᠵᠢᠯᠯᠠᠵᠤ ᠦᠷ᠎ᠡ ᠪᠦᠲᠦᠭᠡᠯ ᠣᠯᠬᠤ ᠪᠣᠳᠠᠲᠤ | ᠠᠵᠢᠯᠯᠠᠭ᠎ᠠ ᠠᠪᠴᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ | ᠰᠠᠶᠢᠲᠤᠷ ᠠᠳᠬᠤᠬᠤ ᠶᠢᠨ ᠬᠠᠮᠲᠤ ᠠᠷᠪᠠᠨ ᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ | ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ | ᠡᠵᠡᠯᠡᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ | ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠦᠯᠵᠢᠶᠡᠨ ᠤ ᠬᠦᠷᠢᠶᠡᠨ ᠤ ᠠᠶᠤᠯ ᠲᠦᠭᠰᠢᠭᠦᠷᠢ ᠥᠷᠢᠰᠦᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ | ᠴᠣᠭᠴᠠᠯᠠᠬᠤ ᠬᠡᠷᠡᠭᠲᠡᠢ᠃ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠣᠶᠢᠯᠠᠭᠠᠭᠳᠠᠬᠤᠨ᠂ ᠠᠭᠤᠯᠭ᠎ᠠ᠂ ᠬᠡᠯᠪᠡᠷᠢ᠂ | ᠠᠷᠭ᠎ᠠ᠂ ᠠᠷᠭ᠎ᠠ ᠪᠠᠷᠢᠯ ᠵᠡᠷᠭᠡ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠰᠢᠶᠠᠨ ᠤ | ᠳᠠᠪᠠᠭᠤᠯᠢᠭ᠂ ᠬᠢᠯᠠᠰ ᠴᠡᠭ ᠪᠣᠯᠣᠨ ᠠᠮᠵᠢᠯᠲᠠ ᠪᠦᠲᠦᠮᠵᠢ ᠶᠢ ᠰᠠᠶᠢᠲᠤᠷ ᠤᠬᠠᠭᠤᠯᠵᠤ᠂ ᠥᠪᠥᠷ ᠮᠣᠩᠭᠤᠯ ᠤᠨ | ᠦᠯᠢᠭᠡᠷ ᠲᠠᠬᠢ ᠲᠣᠭᠲᠠᠬᠤ ᠰᠢᠶᠠᠨ ᠤ ᠰᠢᠨ᠎ᠡ ᠬᠠᠭᠤᠳᠠᠰᠤ ᠶᠢ ᠰᠠᠶᠢᠲᠤᠷ ᠶᠠᠷᠢᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |