ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠳᠤ ᠡᠳᠡᠭᠡᠷ ᠮᠡᠳᠡᠯᠭᠡ ᠶᠢ ᠪᠠᠲᠤ ᠴᠡᠭᠡᠵᠢᠯᠡᠬᠦ ᠬᠡᠷᠡᠭᠲᠡᠢ︕ | ᠰᠢᠲᠠᠮᠠᠬᠠᠶ ᠬᠡᠶ ᠨᠢ ᠲᠦᠭ ᠲᠦᠮᠡᠨ ᠠᠶᠢᠯ ᠡᠷᠦᠬᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠰᠢᠲᠠᠮᠠᠬᠠᠶ | ᠬᠡᠶ ᠯᠡᠪᠡᠷᠡᠵᠦ ᠪᠠᠶᠢᠬᠤ ᠡᠰᠡᠬᠦ ᠶᠢ ᠬᠡᠷᠬᠢᠨ ᠮᠠᠭᠠᠳᠯᠠᠬᠤ ᠪᠣᠶ︖ ᠰᠢᠲᠠᠮᠠᠬᠠᠢ ᠬᠡᠢ ᠯᠡᠪᠡᠷᠡᠬᠦ ᠶᠢ ᠮᠡᠳᠡᠪᠡᠯ ᠶᠠᠭᠠᠬᠢᠳᠠᠭ | ᠪᠢᠯᠡ︖ ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠵᠤ᠂ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ ᠶᠢᠨ ︽ᠠᠮᠤᠷ | ᠲᠦᠪᠰᠢᠨ ᠤ ᠨᠡᠭᠡᠯᠡᠬᠡᠶ︾ ᠶᠢ ᠴᠢᠩᠭᠠᠯᠠᠶ᠎ᠠ᠃ | ᠶᠠᠭᠤ ᠶᠢ ᠰᠢᠲᠠᠮᠠᠬᠠᠢ ᠬᠡᠢ ᠭᠡᠬᠦ ᠪᠣᠢ︖ | ᠰᠢᠲᠠᠮᠠᠬᠠᠶ ᠬᠡᠶ ᠶᠢᠨ ᠲᠥᠷᠥᠯ ᠵᠦᠢᠯ ᠮᠠᠰᠢ ᠣᠯᠠᠨ᠂ ᠭᠤᠤᠯᠳᠠᠭᠤ ᠪᠠᠶᠢᠭᠠᠯᠢ ᠶᠢᠨ ᠰᠢᠲᠠᠮᠠᠬᠠᠶ ᠬᠡᠶ᠂ | ᠵᠣᠬᠢᠶᠠᠮᠠᠯ ᠰᠢᠲᠠᠮᠠᠬᠠᠶ ᠬᠡᠶ᠂ ᠰᠢᠩᠭᠡᠨᠵᠢᠮᠡᠯ ᠴᠢᠯᠠᠭᠤᠨ ᠲᠣᠰᠣᠨ ᠤ ᠬᠡᠶ ᠪᠠ ᠨᠠᠮᠤᠭ ᠤᠨ ᠬᠡᠶ᠂ ᠨᠡᠭᠦᠷᠡᠰᠦ ᠪᠠᠷ | ᠦᠢᠯᠡᠳᠦᠭᠰᠡᠨ ᠵᠡᠷᠭᠡ ᠨᠢ ᠴᠥᠮ ᠰᠢᠲᠠᠮᠠᠬᠠᠶ ᠬᠡᠶ ᠪᠣᠯᠤᠨ᠎ᠠ᠃ ᠨᠢᠭᠲᠠ ᠪᠢᠲᠡᠭᠦᠮᠵᠢᠯᠡᠭᠰᠡᠨ ᠣᠷᠣᠨ ᠵᠠᠶ ᠳᠤ | ᠰᠢᠲᠠᠮᠠᠬᠠᠶ ᠬᠡᠶ ᠶᠢᠨ ᠥᠳᠬᠡᠴᠡ ᠨᠢ ᠵᠣᠬᠢᠬᠤ ᠦᠳᠭᠡᠴᠡ ᠳᠤ ᠬᠦᠷᠬᠦ ᠦᠶ᠎ᠡ ᠳᠤ᠂ ᠢᠯᠡ ᠭᠠᠯ ᠲᠣᠬᠢᠶᠠᠯᠳᠤᠪᠠᠯ | ᠳᠡᠯᠪᠡᠷᠡᠯᠲᠡ ᠡᠭᠦᠰᠳᠡᠭ᠃ ᠰᠢᠲᠠᠮᠠᠬᠠᠢ ᠬᠡᠢ ᠭᠦᠢᠴᠡᠳ ᠨᠣᠴᠣᠭᠠᠭᠰᠠᠨ ᠦᠭᠡᠢ ᠦᠶ᠎ᠡ ᠳᠤ ᠪᠠᠰᠠ | ᠨᠡᠭᠦᠷᠡᠰᠦᠲᠥ᠋ᠷᠥᠭᠴᠢ ᠶᠢᠨ ᠳᠠᠩ ᠢᠰᠦᠯ ᠢ ᠭᠠᠳᠠᠭᠰᠢᠯᠠᠭᠤᠯᠵᠤ ᠭᠠᠷᠭᠠᠨ᠎ᠠ᠃ ᠡᠶᠢᠮᠦ ᠠᠴᠠ ᠠᠮᠤᠷ ᠲᠦᠪᠰᠢᠨ | ᠰᠢᠲᠠᠮᠠᠬᠠᠶ ᠬᠡᠢ ᠬᠡᠷᠡᠭᠯᠡᠬᠦ ᠨᠢ ᠲᠦᠢᠯ ᠤᠨ ᠴᠢᠬᠤᠯᠠ ᠪᠠᠶᠢᠳᠠᠭ᠃ | ᠰᠢᠲᠠᠮᠠᠬᠠᠢ ᠬᠡᠢ ᠶᠠᠮᠠᠷ ᠪᠠᠶᠢᠳᠠᠯ ᠳᠣᠣᠷ᠎ᠠ ᠳᠡᠯᠪᠡᠷᠡᠯᠲᠡ ᠡᠭᠦᠰᠦᠨ ᠭᠠᠯ ᠭᠠᠷᠬᠤ ᠪᠣᠢ︖ | ᠬᠤᠭᠤᠯᠠᠢ ᠪᠠᠷ ᠶᠠᠪᠤᠵᠤ ᠪᠠᠶᠢᠭ᠎ᠠ ᠰᠢᠲᠠᠮᠠᠬᠠᠢ ᠬᠡᠢ ᠪᠤᠶᠤ ᠰᠠᠪᠠ ᠲᠠᠢ ᠰᠢᠲᠠᠮᠠᠬᠠᠢ ᠬᠡᠢ ᠬᠦᠴᠦᠲᠡᠢ ᠡᠪᠳᠡᠭᠳᠡᠭᠰᠡᠨ | ᠦᠭᠡᠢ ᠪᠠᠶᠢᠳᠠᠯ ᠳᠣᠣᠷ᠎ᠠ ᠮᠠᠰᠢ ᠠᠮᠤᠷ ᠲᠦᠪᠰᠢᠨ ᠪᠠᠶᠢᠳᠠᠭ᠃ ᠶᠡᠷᠦ ᠳᠡᠭᠡᠨ ᠰᠢᠲᠠᠮᠠᠬᠠᠶ ᠬᠡᠶ ᠶᠢᠨ ᠳᠡᠯᠪᠡᠷᠡᠯᠲᠡ ᠳᠤ | ᠭᠤᠷᠪᠠᠨ ᠡᠯᠧᠮᠧᠨ᠋ᠲ ᠢ ᠵᠡᠷᠭᠡᠪᠡᠷ ᠪᠦᠷᠢᠯᠳᠦᠭᠦᠯᠬᠦ ᠴᠢᠬᠤᠯᠠᠲᠠᠶ᠃ | ᠨᠢᠭᠡ ᠨᠢ ᠰᠢᠲᠠᠮᠠᠬᠠᠶ ᠬᠡᠢ ᠵᠠᠳᠠᠷᠠᠬᠤ᠃ ᠰᠢᠲᠠᠮᠠᠬᠠᠶ ᠬᠡᠢ ᠯᠡᠪᠡᠷᠡᠨ ᠭᠤᠭᠤᠵᠢᠬᠤ ᠳᠤ ᠭᠤᠤᠯᠳᠠᠭᠤ | ᠭᠤᠷᠪᠠᠨ ᠬᠡᠰᠡᠭ ᠲᠤ ᠡᠭᠦᠰᠨᠡ᠄ ᠵᠠᠯᠭᠠᠭᠤᠷ ᠢᠶᠠᠷ ᠯᠡᠪᠡᠷᠡᠬᠦ᠂ ᠰᠢᠲᠠᠮᠠᠬᠠᠶ ᠬᠡᠢ ᠶᠢᠨ ᠵᠥᠭᠡᠯᠡᠨ ᠬᠤᠭᠤᠯᠠᠢ ᠪᠠᠷ | ᠯᠡᠪᠡᠷᠡᠬᠦ᠂ ᠨᠡᠭᠡᠯᠡᠬᠡᠶ ᠪᠠᠷ ᠯᠡᠪᠡᠷᠡᠬᠦ᠃ ᠶᠠᠷᠢᠶᠠᠨ ᠦᠭᠡᠢ ᠬᠡᠷᠡᠭᠯᠡᠭᠰᠡᠨ ᠨᠢ ᠵᠤᠬᠢᠰ ᠦᠭᠡᠢ ᠪᠣᠯ ᠪᠠᠰᠠ ᠯᠡᠪᠡᠷᠡᠨ | ᠭᠤᠭᠤᠵᠢᠳᠠᠭ᠂ ᠵᠢᠱᠢᠶᠡᠯᠡᠪᠡᠯ ᠱᠦᠯᠦ ᠠᠰᠬᠠᠵᠦ ᠰᠢᠲᠠᠮᠠᠬᠠᠢ ᠬᠡᠢ ᠶᠢᠨ ᠵᠤᠤᠬ᠎ᠠ ᠶᠢᠨ ᠭᠠᠯ ᠤᠨᠳᠠᠷᠠᠭᠠᠬᠤ ᠦᠶᠡᠰ᠂ | ᠰᠢᠲᠠᠮᠠᠬᠠᠢ ᠬᠡᠢ ᠪᠠᠰᠠ ᠯᠡᠪᠡᠷᠡᠵᠦ ᠮᠡᠳᠡᠨ᠎ᠡ᠃ | ᠬᠤᠶᠠᠷ ᠨᠢ ᠳᠡᠯᠪᠡᠷᠡᠯᠲᠡ ᠶᠢᠨ ᠥᠳᠬᠡᠴᠡ ᠳᠤ ᠬᠦᠷᠬᠦ᠃ ᠵᠣᠬᠢᠶᠠᠮᠠᠯ ᠨᠡᠭᠦᠷᠡᠰᠦᠨ ᠬᠡᠢ᠂ ᠪᠠᠢᠭᠠᠯᠢ ᠶᠢᠨ | ᠰᠢᠲᠠᠮᠠᠬᠠᠢ ᠬᠡᠢ ᠶᠢᠨ ᠭᠤᠣᠯ ᠪᠦᠷᠢᠯᠳᠦᠬᠦᠨ ᠨᠢ ᠮᠧᠲ᠋ᠠᠨ᠂ ᠠᠭᠠᠷ ᠳᠠᠬᠢ ᠮᠧᠲ᠋ᠠᠨ ᠤ ᠥᠳᠭᠡᠴᠡ ᠨᠢ ᠬᠡᠳᠦ ᠥᠨᠳᠥᠷ | ᠪᠤᠶᠤ ᠬᠡᠳᠦ ᠳᠣᠣᠷ᠎ᠠ ᠦᠶ᠎ᠡ ᠳᠤ ᠳᠡᠯᠪᠡᠷᠡᠯᠲᠡ ᠡᠭᠦᠰᠬᠦ ᠦᠭᠡᠢ᠂ ᠭᠡᠪᠡᠴᠦ ᠬᠤᠶᠠᠷ ᠤᠨ ᠬᠤᠭᠤᠷᠣᠨᠳᠣ ᠪᠣᠯ | ᠳᠡᠯᠪᠡᠷᠡᠵᠦ ᠮᠡᠳᠡᠨ᠎ᠡ᠃ | ᠭᠤᠷᠪᠠ ᠨᠢ ᠭᠠᠯ ᠤᠨ ᠡᠬᠢ ᠡᠭᠦᠰᠪᠦᠷᠢ ᠳᠤ ᠤᠴᠠᠷᠠᠬᠤ᠃ ᠳᠡᠯᠪᠡᠷᠡᠯᠲᠡ ᠶᠢᠨ ᠥᠳᠭᠡᠴᠡ ᠶᠢᠨ | ᠬᠡᠪᠴᠢᠶᠡᠨ ᠳᠤ ᠪᠠᠶᠢᠬᠤ ᠦ᠊ ᠡᠶ᠎ᠡ ᠳᠤ᠂ ᠳᠣᠤᠷᠠᠬᠢ ᠪᠠᠶᠢᠳᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠶ | ᠴᠥᠮ ᠳᠡᠯᠪᠡᠷᠡᠯᠲᠡ ᠡᠭᠦᠰᠭᠡᠬᠦ ᠪᠣᠯᠤᠯᠴᠠᠭ᠎ᠠ ᠲᠠᠢ ᠶᠤᠮ᠃ | ᠰᠢᠲᠠᠮᠠᠬᠠᠢ ᠬᠡᠢ ᠯᠡᠪᠡᠷᠡᠵᠦ ᠪᠠᠶᠢᠬᠤ ᠡᠰᠡᠬᠦ ᠶᠢ ᠬᠡᠷᠬᠢᠨ ᠮᠠᠭᠠᠳᠯᠠᠵᠤ ᠪᠣᠯᠬᠤ ᠪᠣᠢ︖ | ᠦᠨᠦᠷᠲᠦᠬᠦ — ᠬᠠᠮᠠᠷ ᠢᠶᠠᠷ ᠢᠶᠠᠨ ᠦᠨᠦᠷᠲᠦᠨ᠎ᠡ | ᠡᠩ ᠤᠨ ᠠᠷᠠᠳ ᠤᠨ ᠬᠡᠷᠡᠭᠯᠡᠭᠡᠨ ᠳᠤ ᠬᠠᠩᠭᠠᠬᠤ ᠰᠢᠲᠠᠮᠠᠬᠠᠶ ᠬᠡᠢ ᠳᠤ ᠴᠥᠮ ᠦᠮᠡᠬᠡᠢ ᠦᠨᠦᠷ ︵ᠡᠲ᠋ᠢᠯ | ᠬᠦᠬᠦᠷ ᠠᠯᠺᠣᠤᠯ︶ ᠨᠡᠮᠡᠵᠦ᠂ ᠰᠢᠲᠠᠮᠠᠬᠠᠶ ᠬᠡᠢ ᠶᠢ ᠦᠮᠡᠬᠡᠶ ᠥᠨᠳᠡᠭᠡ ᠲᠠᠢ ᠠᠳᠠᠯᠢ ᠦᠨᠦᠷ ᠲᠠᠢ ᠪᠤᠯᠭᠠᠨ᠎ᠠ᠂ | ᠢᠩᠭᠢᠪᠡᠯ ᠯᠡᠪᠡᠷᠡᠯᠲᠡ ᠶᠢ ᠠᠮᠠᠷᠬᠠᠨ ᠰᠡᠷᠡᠵᠦ ᠪᠣᠯᠤᠨ᠎ᠠ᠃ ᠡᠶᠢᠮᠦ ᠠᠴᠠ ᠭᠡᠷ ᠲᠤ ᠡᠶᠢᠮᠦ ᠣᠨᠳᠣᠣ ᠦᠨᠦᠷ ᠭᠠᠷᠪᠠᠯ | ᠰᠢᠲᠠᠮᠠᠬᠠᠶ ᠬᠡᠢ ᠯᠡᠪᠡᠷᠡᠭᠰᠡᠨ ᠮᠠᠭᠠᠳ᠃ | ᠦᠵᠡᠬᠦ — ᠰᠢᠲᠠᠮᠠᠬᠠᠶᠬᠡᠢ ᠶᠢᠨ ᠬᠡᠮᠵᠢᠭᠦᠷ ᠢ ᠦᠵᠡᠨ᠎ᠡ | ᠪᠦᠷᠢᠮᠦᠰᠦᠨ ᠰᠢᠲᠠᠮᠠᠬᠠᠶ ᠬᠡᠢ ᠬᠡᠷᠡᠭᠯᠡᠬᠦ ᠦᠭᠡᠢ ᠪᠠᠶᠢᠳᠠᠯ ᠳᠣᠣᠷ᠎ᠠ᠂ ᠰᠢᠲᠠᠮᠠᠬᠠᠶ ᠬᠡᠢ ᠶᠢᠨ ᠬᠡᠮᠵᠢᠭᠦᠷ ᠤᠨ | ᠲᠤᠭ᠎ᠠ ᠨᠢ ᠶᠠᠪᠤᠬᠤ ᠡᠰᠡᠬᠦ ᠶᠢ ᠪᠠᠶᠢᠴᠠᠭᠠᠨ ᠦᠵᠡᠵᠦ ᠪᠣᠯᠣᠨ᠎ᠠ᠂ ᠬᠡᠷᠪᠡ ᠲᠤᠭ᠎ᠠ ᠶᠠᠪᠤᠵᠤ ᠪᠠᠶᠢᠪᠠᠯ ᠰᠢᠲᠠᠮᠠᠬᠠᠢ | ᠬᠡᠢ ︵ᠵᠢᠱᠢᠶᠡᠯᠡᠪᠡᠯ ᠵᠤᠤᠬ᠎ᠠ ᠶᠢᠨ ᠬᠡᠷᠡᠭᠰᠡᠯ ᠪᠠ ᠤᠰᠤ ᠬᠠᠯᠠᠭᠠᠭᠤᠷ ᠤᠨ ᠵᠠᠯᠭᠠᠭᠤᠷ ᠤᠨ ᠬᠤᠭᠤᠷᠣᠨᠳᠣᠬᠢ ᠭᠤᠮ | ᠭᠤᠤᠷᠰᠤ᠂ ᠵᠠᠯᠭᠠᠰᠤ ᠵᠡᠷᠭᠡ ᠭᠠᠵᠠᠷ︶ ᠯᠡᠪᠡᠷᠡᠵᠦ ᠪᠠᠶᠢᠨ᠎ᠠ ᠭᠡᠵᠦ ᠮᠠᠭᠠᠳᠯᠠᠵᠤ ᠪᠣᠯᠣᠨ᠎ᠠ᠃ | ᠲᠦᠷᠬᠢᠬᠦ — ᠰᠠᠪᠤᠩ ᠲᠠᠢ ᠤᠰᠤ ᠲᠦᠷᠬᠢᠨ᠎ᠡ | ᠰᠠᠪᠤᠩ ᠪᠤᠶᠤ ᠬᠤᠪᠴᠠᠰᠤ ᠤᠬᠢᠶᠠᠬᠤ ᠨᠤᠨᠲᠠᠭ ᠢ ᠤᠰᠤ ᠪᠠᠷ ᠰᠢᠩᠭᠡᠨ ᠪᠣᠯᠭᠠᠨ ᠲᠣᠬᠢᠷᠠᠭᠤᠯᠵᠤ ᠰᠢᠲᠠᠮᠠᠬᠠᠶ | ᠬᠡᠶ ᠶᠢᠨ ᠬᠤᠭᠤᠯᠠᠶ᠂ ᠰᠢᠲᠠᠮᠠᠬᠠᠶ ᠬᠡᠶ ᠶᠢᠨ ᠬᠡᠮᠵᠢᠭᠦᠷ ᠤᠨ ᠴᠠᠪᠠᠤ ᠬᠤᠭᠤᠯᠠᠶ᠂ ᠡᠷᠭᠢᠯᠳᠦᠭᠦᠯᠦᠨ ᠪᠥᠭᠯᠡᠬᠦ | ᠨᠡᠭᠡᠭᠡᠯᠭᠡ ᠶᠢᠨ ᠭᠠᠵᠠᠷ ᠵᠡᠷᠭᠡ ᠠᠮᠠᠷᠬᠠᠨ ᠬᠡᠶ ᠭᠤᠭᠤᠵᠢᠬᠤ ᠭᠠᠵᠠᠷ ᠲᠤ ᠲᠦᠷᠬᠢᠵᠦ᠂ ᠰᠢᠲᠠᠮᠠᠬᠠᠶ ᠬᠡᠶ ᠯᠡᠪᠡᠷᠡᠭᠰᠡᠨ | ᠡᠰᠡᠬᠦ ᠶᠢ ᠪᠠᠶᠢᠴᠠᠭᠠᠨ᠎ᠠ᠃ ᠬᠡᠷᠪᠡ ᠰᠢᠲᠠᠮᠠᠬᠠᠢ ᠬᠡᠢ ᠯᠡᠪᠡᠷᠡᠭᠰᠡᠨ ᠪᠠᠶᠢᠪᠠᠯ ᠰᠠᠪᠤᠩ ᠤᠰᠤ ᠨᠢ ᠬᠥᠭᠡᠰᠦ ᠦᠯᠢᠶᠡᠨ᠎ᠡ᠃ | ᠬᠥᠭᠡᠰᠦ ᠭᠠᠷᠴᠤ ᠪᠠᠶᠢᠬᠤ ᠶᠢ ᠣᠯᠵᠤ ᠬᠠᠷᠠᠭᠰᠠᠨ ᠪᠥᠭᠡᠳ ᠲᠠᠰᠤᠷᠠᠯᠲᠠ ᠦᠭᠡᠢ ᠣᠯᠠᠰᠢᠷᠠᠭᠰᠠᠨ ᠪᠠᠶᠢᠪᠠᠯ ᠡᠨᠡ | ᠬᠡᠰᠡᠭ ᠲᠤ ᠬᠡᠢ ᠯᠡᠪᠡᠷᠡᠭᠰᠡᠨ ᠪᠠᠶᠢᠨ᠎ᠠ᠃ ᠲᠤᠶᠢᠯ ᠤᠨ ᠪᠠᠭ᠎ᠠ ᠯᠡᠪᠡᠷᠡᠭᠰᠡᠨ ᠭᠠᠵᠠᠷ ᠢ ᠠᠵᠢᠭᠯᠠᠬᠤ ᠶᠢᠨ ᠠᠷᠭ᠎ᠠ ᠦᠭᠡᠢ | ᠪᠠᠶᠢᠵᠤ᠂ ᠲᠤᠰᠬᠠᠶ ᠮᠡᠷᠭᠡᠵᠢᠯ ᠤᠨ ᠪᠠᠶᠢᠴᠠᠭᠠᠯᠲᠠ ᠶᠢᠨ ᠪᠠᠭᠠᠵᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠢᠶᠠᠷ | ᠪᠠᠷᠢᠮᠵᠢᠶ᠎ᠠ ᠪᠣᠯᠭᠠᠬᠤ ᠬᠡᠷᠡᠭᠲᠡᠶ᠃ | ᠭᠡᠷ ᠳᠣᠲᠣᠷ᠎ᠠ ᠰᠢᠲᠠᠮᠠᠬᠠᠶ ᠬᠡᠢ ᠯᠡᠪᠡᠷᠡᠬᠦ ᠶᠢ ᠣᠯᠵᠤ ᠮᠡᠳᠡᠪᠡᠯ ᠶᠠᠭᠠᠬᠢᠬᠤ ᠪᠤᠢ︖ | ᠨᠢᠭᠡ ᠳᠤ᠂ ᠰᠢᠲᠠᠮᠠᠬᠠᠶ ᠬᠡᠶ ᠶᠢᠨ ᠨᠡᠭᠡᠯᠡᠭᠡᠢ ᠶᠢ ᠦᠳᠲᠡᠷ ᠲᠦᠷᠭᠡᠨ ᠬᠠᠭᠠᠬᠤ ᠶᠢᠨ ᠬᠠᠮᠲᠤ ᠲᠡᠷᠡ | ᠳᠠᠷᠤᠶ ᠳᠤᠨᠢ ᠡᠭᠦᠳᠡ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ᠎ᠡ᠃ ᠡᠭᠦᠨ ᠳᠤ ᠠᠩᠬᠠᠷᠬᠤ ᠴᠢᠬᠤᠯᠠᠲᠠᠢ ᠨᠢ᠂ | ᠶᠠᠭᠠᠷᠠᠭᠰᠠᠨ ᠪᠠᠶᠢᠳᠠᠯ ᠳᠣᠣᠷ᠎ᠠ ᠰᠠᠯᠬᠢ ᠭᠠᠳᠠᠭᠰᠢᠯᠠᠭᠤᠯᠬᠤ ᠰᠠᠩᠰᠠ ᠢᠶᠠᠨ ᠨᠡᠭᠡᠭᠡᠨ ᠰᠠᠯᠬᠢ ᠨᠡᠪᠲᠡᠷᠡᠭᠦᠯᠵᠦ ᠪᠣᠯᠬᠤ | ᠦᠭᠡᠢ᠂ ᠰᠠᠯᠬᠢ ᠭᠠᠳᠠᠭᠰᠢᠯᠠᠭᠤᠯᠬᠤ ᠰᠠᠩᠰᠠ ᠴᠠᠬᠢᠯᠭᠠᠨ ᠨᠡᠪᠲᠡᠷᠡᠵᠦ ᠪᠠᠶᠢᠳᠠᠭ᠃ | ᠬᠤᠶᠠᠷ ᠲᠤ᠂ ᠠᠯᠢᠪᠠ ᠭᠠᠯ ᠤᠨ ᠢᠷᠡᠯᠲᠡ ᠶᠢ ᠲᠠᠰᠤ ᠰᠡᠷᠭᠡᠶᠢᠯᠡᠵᠦ᠂ ᠶᠠᠮᠠᠷᠪᠠ ᠴᠠᠬᠢᠯᠭᠠᠨ ᠬᠡᠷᠡᠭᠰᠡᠯ ᠢ | ᠨᠡᠭᠡᠭᠡᠵᠦ ᠪᠣᠯᠬᠤ ᠦᠭᠡᠢ᠂ ᠨᠡᠩ ᠴᠤ ᠢᠯᠡ ᠭᠠᠯ ᠬᠡᠷᠡᠭᠯᠡᠵᠦ ᠪᠣᠯᠬᠤ ᠦᠭᠡᠢ᠃ ᠬᠤᠪᠴᠠᠰᠤ ᠪᠠᠨ ᠲᠠᠶᠢᠯᠪᠠᠯ | ᠲᠠᠢᠪᠤᠩ ᠴᠠᠬᠢᠯᠭᠠᠨ ᠡᠭᠦᠰᠭᠡᠳᠡᠭ᠂ ᠣᠨᠴᠠᠭᠠᠢᠯᠠᠨ ᠬᠤᠯᠢᠮᠠᠭ ᠨᠡᠬᠡᠮᠡᠯ᠂ ᠨᠢ ᠯᠦᠩ ᠨᠡᠬᠡᠮᠡᠯ ᠵᠡᠷᠭᠡ᠂ ᠲᠠᠶᠢᠪᠤᠩ | ᠴᠠᠬᠢᠯᠭᠠᠨ ᠪᠠᠰᠠ ᠠᠭᠠᠷ ᠳᠣᠲᠣᠷᠠᠬᠢ ᠵᠣᠬᠢᠬᠤ ᠥᠳᠭᠡᠴᠡ ᠪᠦᠬᠦᠢ ᠰᠢᠲᠠᠮᠠᠬᠠᠶ ᠬᠡᠢ ᠶᠢ ᠳᠡᠯᠪᠡᠷᠡᠭᠦᠯᠵᠦ ᠮᠡᠳᠡᠨ᠎ᠡ᠃ | ᠭᠤᠷᠪᠠ ᠳᠤ᠂ ᠭᠡᠷ ᠤᠨ ᠭᠠᠳᠠᠨᠠᠬᠢ ᠠᠮᠤᠷ ᠲᠦᠪᠰᠢᠨ ᠭᠠᠵᠠᠷ ᠲᠤ ᠰᠢᠯᠵᠢᠭᠰᠡᠨ ᠤ ᠳᠠᠷᠠᠭ᠎ᠠ᠂ ᠰᠢᠲᠠᠮᠠᠬᠠᠶ | ᠬᠡᠢ ᠶᠢᠨ ᠺᠣᠮᠫᠠᠨᠢ ᠵᠢᠴᠢ 119 ᠭᠠᠯ ᠤᠨ ᠠᠪᠤᠷᠠᠯᠲᠠ ᠳᠤ ᠤᠲᠠᠰᠤᠳᠠᠵᠤ᠂ ᠬᠠᠪᠰᠤᠷᠤᠯᠭ᠎ᠠ ᠭᠤᠶᠤᠴᠢᠯᠠᠨ᠎ᠠ᠃ | ᠠᠩᠬᠠᠷᠤᠭᠤᠰᠢᠲᠠᠶ ᠨᠢ ᠭᠡᠪᠡᠯ᠂ ᠤᠲᠠᠰᠤ ᠨᠡᠪᠲᠡᠷᠡᠬᠦ ᠦᠶ᠎ᠡ ᠳᠤ᠂ ᠭᠠᠷ ᠤᠲᠠᠰᠤ ᠶᠢᠨ ᠳᠣᠲᠣᠷ᠎ᠠ ᠪᠢᠴᠢᠯ ᠭᠠᠯ | ᠭᠠᠷᠴᠤ ᠪᠠᠰᠠ ᠳᠡᠯᠪᠡᠷᠢᠯᠲᠡ ᠡᠭᠦᠰᠭᠡᠵᠦ ᠮᠡᠳᠡᠨ᠎ᠡ᠂ ᠤᠲᠠᠰᠤ ᠠᠪᠴᠤ ᠲᠤᠰᠠᠯᠠᠮᠵᠢ ᠭᠤᠶᠤᠴᠢᠯᠠᠬᠤ ᠦᠶ᠎ᠡ ᠳᠤ | ᠲᠤᠬᠠᠢ ᠶᠢᠨ ᠲᠠᠯᠠᠪᠤᠷ ᠠᠴᠠ ᠵᠠᠶᠢᠲᠠᠢ ᠪᠠᠶᠢᠬᠤ ᠬᠡᠷᠡᠭᠲᠡᠢ᠃ | ᠢᠷᠡᠯᠲᠡ᠄ ᠰᠢᠨᠬᠤᠸᠠ ᠬᠤᠷᠢᠶ᠎ᠠ | |