ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠤᠭᠠᠴᠢᠯᠠᠯᠳᠠ ᠶᠢᠨ ᠠᠬᠢᠴᠠ ᠢᠯᠡᠷᠬᠡᠢ
ᠨᠡᠶᠢᠲᠡᠯᠡᠭᠰᠡᠨ ᠴᠠᠭ᠄
2023/6/27
      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠠᠮᠲᠤᠷᠠᠨ ᠨᠡᠶᠢᠲᠡᠯᠡᠭᠰᠡᠨ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ 2022 ᠣᠨ ᠤ ᠣᠨ ᠤ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠦᠭᠵᠢᠯᠳᠡ ᠢᠯᠡᠷᠬᠡᠢ ᠠᠬᠢᠴᠠ ᠲᠠᠢ ᠪᠤᠯᠵᠠᠢ᠃ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠵᠢᠭ ᠫᠷᠦᠭᠷᠦᠮ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠰᠢᠶᠠᠨ ᠬᠠᠳᠠᠭᠠᠯᠠᠭᠤᠯᠤᠭᠴᠢ ᠳᠤ ᠨᠢᠭᠡᠳᠦᠯᠲᠡᠢ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠠᠷᠭ᠎ᠠ ᠵᠠᠮ ᠬᠠᠩᠭᠠᠵᠤ᠂ ᠲᠣᠭᠠᠴᠢᠯᠠᠭᠰᠠᠨ ᠦᠢᠯᠡᠴᠢᠯᠡᠭᠡᠨ ᠤ ︽ᠨᠢᠭᠡ ᠰᠦᠯᠵᠢᠶ᠎ᠡ︾ ᠪᠠᠷ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠲᠦᠯᠬᠢᠨ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ ᠂ ᠠᠷᠠᠳ ᠤᠨ ᠪᠠᠩᠬᠢ ᠵᠡᠷᠭᠡ 7 ᠰᠠᠯᠠᠭ᠎ᠠ ᠮᠥᠴᠢᠷ ᠯᠦᠭᠡ 40 ᠲᠥᠷᠥᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠠᠬᠢᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠵᠡᠷᠭᠡ ᠡᠯᠧᠺᠲᠷᠣᠨ ᠦᠨᠡᠮᠯᠡᠯ ᠢ ᠬᠠᠮᠲᠤ ᠪᠠᠷ ᠡᠳ᠋ᠯᠡᠬᠦ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠪᠡ᠃      ᠾᠧᠪᠧᠢ ᠶᠢᠨ ᠱᠢ ᠵᠢᠶᠠ ᠵᠤᠸᠠᠩ ᠬᠤᠲᠠ ᠳᠤ ᠠᠵᠢᠯᠯᠠᠵᠤ ᠪᠠᠶᠢᠭᠰᠠᠨ ᠪᠠᠢ ᠠᠪᠤᠭᠠᠢ ᠪᠡᠭᠡᠵᠢᠩ ᠳᠤ ᠢᠷᠡᠵᠦ ᠠᠵᠢᠯᠯᠠᠭᠠᠳ ᠨᠢᠭᠡᠨᠲᠡ 10 ᠭᠠᠷᠤᠢ ᠵᠢᠯ ᠪᠣᠯᠵᠠᠢ᠂ ᠲᠦᠷᠦᠭᠦᠬᠡᠨ ᠲᠡᠷᠡ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ ᠵᠢᠵᠢᠭ ᠫᠷᠦᠭᠷᠦᠮ ᠢᠶᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠵᠢᠭᠦᠯᠦᠨ ᠦᠷᠭᠦᠯᠵᠢᠯᠡᠭᠦᠯᠬᠦ ᠭᠠᠷ ᠭᠦᠢᠴᠡᠳᠬᠡᠯ ᠢ ᠬᠢᠯᠪᠠᠷᠬᠠᠨ ᠢᠶᠠᠷ ᠪᠡᠶᠡᠯᠡᠭᠦᠯᠵᠦ᠂ ᠱᠢ ᠵᠢᠶᠠ ᠵᠤᠸᠠᠩ ᠳᠤ ᠬᠠᠷᠢᠬᠤ ᠬᠡᠷᠡᠭ ᠦᠭᠡᠢ᠂ ᠯᠠᠩᠭᠦᠢ ᠳᠤ ᠴᠦ ᠣᠴᠢᠬᠤ ᠬᠡᠷᠡᠭ ᠦᠭᠡᠢ ᠪᠣᠯᠬᠤᠷ ᠮᠠᠰᠢ ᠲᠥᠬᠦᠮ ᠪᠣᠯᠵᠠᠢ᠃      ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ ᠵᠢᠵᠢᠭ ᠫᠷᠦᠭᠷᠦᠮ ᠪᠣᠯ ᠮᠠᠨ ᠤ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠯᠲᠠ ᠶᠢᠨ ᠬᠥᠭᠵᠢᠯᠲᠡ ᠶᠢᠨ ᠨᠢᠭᠡ ᠵᠦᠢᠯ ᠤᠨ ᠦᠷ᠎ᠡ ᠪᠦᠲᠦᠭᠡᠯ ᠮᠥᠨ᠂ ᠲᠣᠭᠠᠴᠢᠯᠠᠯᠲᠠ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠢᠷᠡᠭᠡᠳᠦᠢ ᠶᠢᠨ ᠬᠥᠭᠵᠢᠯᠲᠡ ᠶᠢᠨ ᠲᠦᠯᠬᠢᠭᠦᠷ ᠮᠦᠨ︾᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠪᠠᠶᠢᠭᠤᠯᠤᠭᠳᠠᠬᠤ ᠵᠢᠴᠢ ᠬᠥᠮᠥᠨ ᠠᠮᠠ ᠶᠢᠨ ᠬᠤᠲᠠ ᠠᠯᠤᠰᠯᠠᠨ ᠰᠢᠯᠵᠢᠬᠦ ᠪᠠ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠲᠤᠰᠢᠶᠠᠨ ᠬᠠᠳᠠᠭᠠᠯᠠᠭᠤᠯᠤᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠣᠭᠠᠴᠢᠯᠠᠬᠤ᠂ ᠣᠶᠤᠨᠴᠢᠯᠠᠬᠤ ᠦᠢᠯᠡᠴᠢᠯᠡᠭᠡ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠤᠯᠠᠮᠵᠢᠯᠠᠯᠲᠤ ᠲᠤᠬᠠᠶᠢᠯᠠᠭᠰᠠᠨ ᠠᠵᠢᠯ ᠤᠨ ᠶᠠᠪᠤᠴᠠ᠂ ᠦᠢᠯᠡᠴᠢᠯᠡᠭᠡᠨ ᠤ ᠵᠠᠭᠪᠤᠷ᠂ ᠬᠢᠨᠠᠨ ᠬᠠᠮᠢᠶᠠᠷᠬᠤ ᠴᠢᠳᠠᠪᠤᠷᠢ᠂ ᠠᠮᠤᠷ ᠲᠦᠪᠰᠢᠨ ᠤ ᠪᠠᠲᠤᠯᠠᠭ᠎ᠠ ᠵᠡᠷᠭᠡ ᠲᠠᠯ᠎ᠠ ᠪᠠᠷ ᠴᠥᠮ ᠬᠠᠯᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠵᠠᠭᠪᠤᠷ ᠲᠤ ᠬᠢᠵᠠᠭᠠᠷᠯᠠᠭᠳᠠᠵᠤ᠂ ᠪᠥᠬᠦ ᠰᠢᠰᠲ᠋ᠧᠮ ᠤᠨ ᠲᠣᠭᠠᠴᠢᠯᠠᠭᠰᠠᠨ ᠬᠥᠭᠵᠢᠯᠲᠡ ᠶᠢᠨ ᠲᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠬᠦᠷᠦᠯᠴᠡᠬᠦ ᠦᠭᠡᠢ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠠᠰᠢᠭᠯᠠᠬᠤ ᠲᠠᠯ᠎ᠠ ᠪᠠᠷ ᠭᠦᠢᠴᠡᠳ ᠦᠭᠡᠢ᠂ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠥᠨᠳᠥᠷ ᠪᠢᠰᠢ ᠵᠡᠷᠭᠡ ᠠᠰᠠᠭᠤᠳᠠᠯ ᠢ ᠴᠤ ᠰᠢᠪᠲᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠭᠡᠵᠡᠢ᠃      2022 ᠣᠨ ᠤ ᠵᠢᠯ ᠤᠨ ᠡᠴᠦᠰ ᠲᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠯᠲᠠ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ 2025 ᠣᠨ ᠪᠤᠯᠳᠠᠯ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢᠨ ᠰᠢᠨ᠎ᠡ ᠵᠠᠭᠪᠤᠷ ᠢ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮ ᠪᠠ ᠲᠠᠪᠴᠠᠩ ᠤᠨ ᠲᠤᠯᠭᠠᠭᠤᠷᠢᠯᠠᠬᠤ ᠰᠢᠰᠲ᠋ᠧᠮ ᠢ ᠨᠠᠩ ᠪᠦᠷᠢᠨᠰᠢᠭᠦᠯᠵᠦ᠂ ᠲᠣᠭᠠᠴᠢᠯᠠᠭᠰᠠᠨ ᠬᠠᠮᠢᠶᠠᠷᠤᠯᠲᠠ ᠶᠢᠨ ᠰᠢᠨ᠎ᠡ ᠲᠣᠭᠲᠠᠴᠠ᠂ ᠦᠢᠯᠡᠴᠢᠯᠡᠭᠡᠨ ᠤ ᠰᠢᠨ᠎ᠡ ᠵᠠᠭᠪᠤᠷ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠶᠢᠳᠠᠯ᠂ ᠠᠮᠤᠷ ᠲᠦᠪᠰᠢᠨ ᠤ ᠰᠢᠨ᠎ᠡ ᠰᠡᠷᠭᠡᠶᠢᠯᠡᠯᠲᠡ ᠶᠢᠨ ᠱᠤᠭᠤᠮ ᠵᠡᠷᠭᠡ ᠶᠢ ᠠᠩᠬ᠎ᠠ ᠠᠯᠬᠤᠮ ᠪᠣᠶ ᠪᠣᠯᠭᠠᠵᠤ᠂ ᠲᠣᠭᠠᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠣᠶᠤᠨᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠭᠠᠵᠤ᠂ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠩ ᠠᠮᠠᠷᠬᠠᠨ ᠭᠦᠢᠴᠡᠳᠬᠡᠨ᠎ᠡ᠃      ᠲᠠᠨᠢᠯᠴᠠᠭᠤᠯᠤᠭᠰᠠᠨ ᠢᠶᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢᠵᠢᠯᠲᠠ᠂ ᠲᠣᠭᠠᠴᠢᠯᠠᠯᠲᠠ ᠶᠢ ᠲᠤᠯᠭᠠᠭᠤᠷᠢᠯᠠᠬᠤ ᠰᠠᠭᠤᠷᠢ ᠲᠥᠬᠦᠭᠡᠷᠦᠮᠵᠢ ᠪᠠ ᠨᠡᠶᠢᠲᠡᠴᠢ ᠴᠢᠨᠠᠷᠲᠠᠢ ᠬᠡᠷᠡᠭᠯᠡᠭᠡᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ ᠪᠠᠶᠢᠨ᠎ᠠ᠃ ᠣᠷᠣᠨ ᠬᠡᠰᠡᠭ ᠤᠨ ᠬᠡᠯᠬᠢᠶᠡᠨ ᠤ ᠮᠡᠷᠭᠡᠵᠢᠯ ᠢ ᠬᠡᠷᠡᠭᠯᠡᠨ ᠲᠤᠭ᠎ᠠ ᠪᠠᠷᠢᠮᠲᠠ ᠶᠢᠨ ᠲᠠᠪᠴᠠᠩ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠪᠥᠬᠦ ᠤᠯᠤᠰ ᠤᠨ ᠣᠷᠣᠨ ᠨᠤᠲᠤᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠤᠭ᠎ᠠ ᠪᠠᠷᠢᠮᠲᠠ ᠶᠢ ᠪᠦᠬᠦᠨ ᠢ ᠬᠠᠮᠦᠷᠠᠭᠤᠯᠬᠤ ᠶᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠭᠦᠨᠵᠡᠭᠡᠢ ᠠᠬᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ ᠡᠭᠦᠨ ᠤ ᠬᠠᠮᠲᠤ᠂ ᠬᠡᠷᠡᠭᠯᠡᠭᠡᠨ ᠤ ᠠᠴᠢᠶᠠᠯᠠᠪᠤᠷᠢ ᠶᠢ ᠭᠦᠨᠵᠡᠭᠡᠶᠢᠷᠡᠭᠦᠯᠪᠡ᠃ ᠨᠢᠭᠡ ᠠᠴᠢᠶᠠᠯᠠᠪᠤᠷᠢ ᠨᠢ ︽ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ ᠵᠢᠵᠢᠭ  ᠫᠷᠦᠭᠷᠦᠮ ᠪᠠᠶᠢᠵᠤ᠂ 2021 ᠣᠨ ᠳᠤ ᠰᠦᠯᠵᠢᠶᠡᠨ ᠳᠤ ᠣᠷᠣᠭᠤᠯᠤᠨ᠂ ᠪᠥᠬᠦ ᠤᠯᠤᠰ ᠤᠨ 1.7 ᠳ᠋ᠦᠩᠰᠢᠭᠤᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠭᠴᠢ ᠳᠤ ᠰᠢᠭᠤᠳ ᠦᠢᠯᠡᠴᠢᠯᠡᠵᠦ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠲᠠᠩᠰᠠ ᠨᠢ ᠡᠵᠡᠨ ᠢᠶᠠᠨ ᠳᠠᠭᠠᠵᠤ᠂ ᠵᠣᠭᠤᠰ ᠨᠢ ᠲᠠᠩᠰᠠ ᠢᠶᠠᠨ ᠳᠠᠭᠠᠵᠤ ᠶᠠᠪᠤᠬᠤ︾ ᠶᠢ ᠪᠡᠶᠡᠯᠡᠭᠦᠯᠪᠡ᠃ ᠨᠥᠭᠦᠭᠡ ᠨᠢᠭᠡ ᠠᠴᠢᠶᠠᠯᠠᠪᠤᠷᠢ ᠨᠢ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠪᠠᠶᠢᠵᠤ᠂ ᠭᠤᠣᠯᠳᠠᠭᠤ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠢᠰᠲ᠋ᠧᠮ ᠤᠨ ᠲᠠᠪᠴᠠᠩ ᠳᠤ ᠲᠤᠭ᠎ᠠ ᠪᠠᠷᠢᠮᠲᠠ ᠶᠢ ᠳᠡᠯᠭᠡᠨ ᠦᠵᠡᠭᠦᠯᠬᠦ᠂ ᠲᠤᠭ᠎ᠠ ᠪᠠᠷᠢᠮᠲᠠ ᠶᠢ ᠵᠠᠰᠠᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠲᠣᠭᠠᠴᠢᠯᠠᠭᠰᠠᠨ ᠰᠠᠭᠤᠷᠢ ᠦᠢᠯᠡᠴᠢᠯᠡᠭᠡᠨ ᠤ ᠴᠢᠳᠠᠪᠤᠷᠢ ᠶᠢ ᠬᠠᠩᠭᠠᠵᠤ᠂ ᠬᠤᠶᠠᠷ ᠭᠠᠵᠠᠷ ᠤᠨ ᠬᠠᠮᠲᠤᠷᠠᠨ ᠭᠦᠢᠴᠡᠳᠬᠡᠬᠦ ᠬᠠᠮᠲᠤᠷᠠᠨ ᠠᠵᠢᠯᠯᠠᠬᠤ ᠲᠣᠭᠲᠠᠴᠠ᠂ ᠨᠢᠭᠡᠳᠦᠯᠲᠡᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃      ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢ ᠢᠳᠡᠪᠬᠢᠳᠡᠢ ᠰᠦᠪᠡᠭᠴᠢᠯᠡᠨ ᠲᠦᠯᠬᠢᠨ ᠠᠬᠢᠭᠤᠯᠪᠠ᠃ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠨ 14 ᠲᠤᠰᠬᠠᠢ ᠣᠷᠣᠨ ︵ᠵᠧᠦ᠂ ᠬᠤᠲᠠ︶ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠠᠢ ᠬᠠᠮᠲᠤᠷᠠᠨ᠂ ᠪᠥᠬᠦ ᠣᠷᠣᠨ ᠤ ᠨᠢᠭᠡᠳᠦᠯᠲᠡᠢ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠪᠠ︔ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠦᠷᠢᠶᠡᠰᠦᠯᠡᠯ ᠤᠨ ᠪᠠᠶᠢᠭᠤᠯᠤᠮᠵᠢ ᠯᠤᠭ᠎ᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠠᠷᠭ᠎ᠠ ᠵᠠᠮ ᠢ ᠨᠠᠪᠲᠠᠷᠡᠭᠦᠯᠵᠦ᠂ ︽ᠭᠡᠷ ᠲᠦᠷᠢᠶᠡᠰᠦᠯᠡᠬᠦ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠳᠤ ᠰᠠᠷ᠎ᠠ ᠪᠠᠷ ᠪᠤᠳᠤᠵᠤ ᠥᠭᠬᠦ᠂ ᠪᠡᠷᠢᠴᠠᠭᠠᠨ ᠤ ᠮᠥᠩᠭᠦ ᠶᠢ ᠬᠡᠯᠲᠦᠷᠢᠭᠦᠯᠬᠦ︾ ᠵᠠᠭᠪᠤᠷ ᠢ ᠬᠡᠷᠡᠭᠵᠢᠭᠦᠯᠪᠡ︔ ᠴᠦᠩᠴᠢᠩ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠬᠢᠨ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠣᠷᠣᠨ ᠬᠡᠰᠡᠭ ᠤᠨ ᠬᠡᠯᠬᠢᠶ᠎ᠡ᠂ ᠬᠥᠮᠥᠨ ᠤ ᠵᠢᠰᠦ ᠶᠢ ᠢᠯᠭᠠᠨ ᠲᠠᠨᠢᠬᠤ ᠵᠡᠷᠭᠡ ᠲᠣᠭᠠᠴᠢᠯᠠᠭᠰᠠᠨ ᠮᠡᠷᠭᠡᠵᠢᠯ ᠢ ᠠᠰᠢᠭᠯᠠᠨ᠂ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠲᠤᠷᠰᠢᠯᠲᠠ ᠳᠤ ᠣᠷᠣᠯᠴᠠᠬᠤ ᠶᠢ ᠠᠬᠢᠭᠤᠯᠪᠠ᠃ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1