10 ᠰᠠᠭᠤᠷᠢ ᠴᠡᠭ ᠪᠠᠭᠤᠷᠠᠵᠠᠢ︕1 ᠵᠢᠯ ᠤᠨ ᠬᠤᠭᠤᠴᠠᠭᠠᠨ ᠳᠤ LPR ᠪᠠᠭᠤᠷᠠᠭᠠᠳ 3.55% ᠪᠣᠯᠪᠠ
ᠨᠡᠶᠢᠲᠡᠯᠡᠭᠰᠡᠨ ᠴᠠᠭ᠄
2023/6/27
      20 ᠤ ᠡᠳᠦᠷ᠂ ᠰᠢᠨ᠎ᠡ ᠨᠢᠭᠡ ᠬᠤᠭᠤᠴᠠᠭᠠᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠬᠦᠦ ᠶᠢᠨ ᠨᠣᠷᠮ᠎ᠠ ᠮᠡᠳᠡᠭᠦᠯᠬᠦ ︵LPR︶ ᠶᠢ ᠨᠡᠶᠢᠲᠡᠯᠡᠵᠦ᠂ 1 ᠵᠢᠯ ᠤᠨ ᠬᠤᠭᠤᠴᠠᠭ᠎ᠠ ᠪᠠ 5 ᠵᠢᠯ ᠤᠨ ᠬᠤᠭᠤᠴᠠᠭ᠎ᠠ ᠠᠴᠠ ᠳᠡᠭᠡᠭᠰᠢᠬᠢ LPR ᠵᠠᠯᠭᠠᠭᠠᠪᠡᠷ 9 ᠬᠤᠭᠤᠴᠠᠭ᠎ᠠ ᠬᠤᠪᠢᠷᠠᠯᠳᠠ ᠦᠭᠡᠢ ᠪᠠᠶᠢᠳᠠᠯ ᠢ ᠡᠴᠦᠰᠯᠡᠭᠦᠯᠵᠦ᠂ ᠲᠦᠷᠦᠭᠦᠸ ᠨᠢᠭᠡ ᠬᠤᠭᠤᠴᠠᠭᠠᠨ ᠤ ᠬᠢ ᠠᠴᠠ 10 ᠰᠠᠭᠤᠷᠢ ᠴᠡᠭ ᠪᠠᠭᠤᠷᠠᠪᠠ᠃      ᠲᠤᠬᠠᠢ ᠶᠢᠨ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ᠪᠥᠬᠦ ᠤᠯᠤᠰ ᠤᠨ ᠪᠠᠩᠬᠢ ᠶᠢᠨ ᠬᠤᠭᠤᠷᠣᠨᠳᠣᠬᠢ ᠠᠳᠠᠯᠢ ᠠᠵᠢᠯ ᠲᠥᠷᠥᠯ ᠤᠨ ᠲᠦᠷ ᠵᠢᠭᠡᠯᠡᠯᠭᠡ ᠶᠢᠨ ᠲᠥᠪ ᠲᠤ ᠡᠷᠬᠡ ᠣᠯᠭᠤᠵᠤ ᠨᠡᠶᠢᠲᠡᠯᠡᠭᠰᠡᠨ  ᠨᠢ᠂ 1 ᠵᠢᠯ ᠤᠨ ᠬᠤᠭᠤᠴᠠᠭ᠎ᠠ ᠲᠠᠢ LPR ᠨᠢ 3.55%᠂ 5 ᠵᠢᠯ ᠠᠴᠠ ᠳᠡᠭᠡᠭᠰᠢ ᠬᠤᠭᠤᠴᠠᠭ᠎ᠠ ᠲᠠᠢ LPR  ᠨᠢ 4.2% ᠪᠠᠶᠢᠵᠤ᠂ ᠴᠥᠮ ᠲᠦᠷᠦᠭᠦᠸ ᠨᠢᠭᠡ ᠬᠤᠭᠤᠴᠠᠭᠠᠨ ᠤ ᠬᠢ ᠠᠴᠠ 10 ᠰᠠᠭᠤᠷᠢ ᠴᠡᠭ ᠪᠠᠭᠤᠷᠠᠪᠠ᠃ ᠡᠨᠡ ᠪᠣᠯ 2022 ᠣᠨ ᠤ 8 ᠳ᠋ᠤᠭᠠᠷ ᠰᠠᠷ᠎ᠠ ᠶᠢᠨ 22 ᠤᠨ ᠡᠳᠦᠷ ᠠᠴᠠ ᠨᠠᠰᠢ᠂ LPR ᠳᠤ ᠠᠩᠬ᠎ᠠ ᠤᠳᠠᠭ᠎ᠠ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠪᠣᠯᠣᠨ᠎ᠠ᠃      LPR ᠶᠢᠨ ᠦᠨ᠎ᠡ ᠶᠢᠨ ᠮᠡᠳᠡᠭᠦᠯᠬᠦ ᠰᠠᠭᠤᠷᠢ ᠪᠣᠯᠤᠭᠰᠠᠨ ᠤ ᠬᠤᠪᠢ ᠳᠤ᠂ ᠲᠣᠰ ᠰᠠᠷ᠎ᠠ ᠶᠢᠨ ᠳᠤᠮᠳᠠ ᠬᠤᠭᠤᠴᠠᠭᠠᠨ ᠤ ᠵᠢᠭᠡᠯᠡᠯᠭᠡ ᠶᠢᠨ ︵MLF︶ ᠳᠠᠭᠠᠭᠠᠴᠢᠯᠠᠯᠲᠠ ᠣᠯᠣᠭᠰᠠᠨ ᠬᠦᠦ ᠮᠥᠩᠭᠦ ᠶᠢᠨ ᠨᠣᠷᠮ᠎ᠠ ᠨᠢ ᠡᠭᠦᠨ ᠠᠴᠠ ᠡᠮᠦᠨᠡᠬᠢ ᠠᠴᠠ 10 ᠰᠠᠭᠤᠷᠢ ᠴᠡᠭ 2.65% ᠪᠠᠷ ᠪᠠᠭᠤᠷᠠᠪᠠ᠃ ᠡᠭᠦᠨ ᠠᠴᠠ ᠡᠮᠦᠨ᠎ᠡ᠂ 6 ᠳ᠋ᠤᠭᠠᠷ ᠰᠠᠷ᠎ᠠ ᠶᠢᠨ 13 ᠤ ᠡᠳᠦᠷ ᠳᠤᠮᠳᠠᠳᠤ ᠤᠯᠤᠰ ᠤᠨ ᠠᠷᠠᠳ ᠤᠨ ᠪᠠᠩᠬᠢ 20 ᠳ᠋ᠦᠩᠰᠢᠭᠤᠷ ᠲᠥᠭᠦᠷᠢᠭ ᠤᠨ ᠰᠥᠷᠭᠡᠦ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠵᠦ᠂ ᠳᠠᠭᠠᠭᠠᠴᠢᠯᠠᠯᠲᠠ ᠣᠯᠣᠭᠰᠠᠨ ᠬᠦᠦ ᠮᠥᠩᠭᠦ ᠶᠢᠨ ᠨᠣᠷᠮ᠎ᠠ ᠨᠢ ᠡᠭᠦᠨ ᠠᠴᠠ ᠡᠮᠦᠨᠡᠬᠢ ᠠᠴᠠ ᠪᠠᠨ 10 ᠰᠠᠭᠤᠷᠢ ᠴᠡᠭ 1.9% ᠪᠠᠷ ᠪᠠᠭᠤᠷᠠᠪᠠ︔ ᠮᠥᠨ ᠡᠳᠦᠷ ᠲᠤ ᠳᠤᠮᠳᠠᠳᠤ ᠤᠯᠤᠰ ᠤᠨ ᠠᠷᠠᠳ ᠤᠨ ᠪᠠᠩᠬᠢ ᠪᠠᠰᠠ ᠬᠤᠨᠤᠭ ᠠᠯᠤᠰᠯᠠᠬᠤ᠂ 7 ᠡᠳᠦᠷ᠂ 1 ᠰᠠᠷ᠎ᠠ ᠶᠢᠨ ᠬᠤᠭᠤᠴᠠᠭ᠎ᠠ ᠲᠠᠢ ᠪᠠᠶᠢᠩᠭᠤ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠨᠡᠶᠢᠲᠡᠯᠡᠵᠦ᠂ ᠡᠯ᠎ᠡ ᠬᠤᠭᠤᠴᠠᠭᠠᠨ ᠤ ᠬᠦᠦ ᠮᠥᠩᠭᠦ ᠶᠢᠨ ᠨᠣᠷᠮ᠎ᠠ ᠶᠢ ᠴᠥᠮ 10 ᠰᠠᠭᠤᠷᠢ ᠴᠡᠭ ᠳᠣᠷᠣᠭᠰᠢᠯᠠᠭᠤᠯᠵᠠᠢ᠃      ᠬᠦᠦ ᠮᠥᠩᠭᠦ ᠶᠢᠨ ᠨᠣᠷᠮ᠎ᠠ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠨᠢᠭᠡ ᠠᠯᠬᠤᠮ ᠪᠣᠯᠤᠭᠰᠠᠨ ᠤ ᠬᠤᠪᠢ ᠳᠤ᠂ LPR ᠨᠢ ᠵᠢᠭᠡᠯᠡᠯᠭᠡ ᠶᠢᠨ ᠬᠦᠦ ᠮᠥᠩᠭᠦ ᠶᠢᠨ ᠪᠠᠷᠢᠮᠵᠢᠶ᠎ᠠ ᠨᠣᠷᠮ᠎ᠠ  ᠶᠢ ᠣᠷᠣᠯᠠᠭᠠᠳ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠭᠲᠠᠭᠠᠬᠤ ︽ᠰᠠᠭᠤᠷᠢ︾ ᠪᠣᠯᠵᠤ᠂ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠎ᠡ᠃      ᠱᠠᠩᠬᠠᠢ ᠶᠢᠨ ᠮᠥᠩᠭᠦᠨ ᠭᠦᠢᠯᠭᠡᠭᠡ ᠬᠢᠭᠡᠳ ᠬᠥᠭᠵᠢᠯᠲᠡ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ ᠵᠧᠩ ᠭᠠᠩ ᠤᠨ ᠦᠵᠡᠬᠦ ᠪᠠᠷ᠂ ᠲᠥᠷᠥ ᠶᠢᠨ ᠪᠣᠳᠣᠯᠭ᠎ᠠ ᠶᠢᠨ ᠬᠦᠦ ᠮᠥᠩᠭᠦ ᠶᠢᠨ ᠨᠣᠷᠮ᠎ᠠ ᠶᠢᠨ ᠪᠠᠭᠤᠷᠠᠯᠲᠠ ᠨᠢ ᠲᠣᠰ ᠰᠠᠷ᠎ᠠ ᠶᠢᠨ LPR ᠬᠤᠶᠠᠷ ᠲᠥᠷᠥᠯ ᠤᠨ ᠦᠨ᠎ᠡ ᠬᠠᠩᠰᠢ ᠶᠢᠨ ᠪᠠᠭᠤᠷᠠᠯᠲᠠ ᠶᠢ ᠳᠠᠶᠢᠴᠢᠯᠠᠵᠤ᠂ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠪᠠᠭᠤᠷᠠᠯᠲᠠ ᠶᠢ ᠪᠦᠲᠦᠮᠵᠢᠲᠡᠶ ᠳᠠᠶᠢᠴᠢᠯᠠᠨ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠡᠭᠦᠨ ᠤ ᠤᠯᠠᠮ ᠢᠶᠠᠷ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠳᠤ ᠰᠡᠳᠡᠯᠲᠡ ᠥᠭᠴᠦ᠂ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠶᠢ ᠨᠡᠮᠡᠭᠳᠡᠭᠦᠯᠬᠦ ᠪᠣᠯᠣᠨ᠎ᠠ ᠭᠡᠵᠡᠢ᠃ᠢᠷᠡᠯᠲᠡ᠄ ᠰᠢᠨᠬᠤᠸᠠ ᠬᠤᠷᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1