392 ᠬᠥᠮᠦᠨ ᠡᠯᠰᠡᠨ᠎ᠡ︕
ᠨᠡᠶᠢᠲᠡᠯᠡᠭᠰᠡᠨ ᠴᠠᠭ᠄
2023/6/27
      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠠᠯᠪᠠᠨ ᠵᠠᠷ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ  ᠺᠣᠮᠫᠠᠨᠢ ᠨᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠨ  ᠦᠨᠳᠦᠰᠦᠯᠡᠨ᠂  ᠪᠦᠬᠦᠯᠢ  ᠡᠳᠦᠷ ᠤᠨ  ᠳᠦᠷᠢᠮᠲᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ‌‍ᠲ᠋ᠡᠭᠦᠰᠦᠭᠰᠡᠳ ᠢ ᠡᠯᠰᠡᠬᠦ ᠪᠠᠷ ᠪᠠᠶᠢᠨ᠎ᠠ᠃              ᠨᠢᠭᠡ᠂ ᠠᠵᠢᠯᠲᠠᠨ ᠡᠯᠰᠡᠬᠦ ᠲᠥᠯᠥᠪᠯᠡᠭᠡ              1. ᠤᠯᠤᠰ ᠤᠨ ᠰᠣᠷᠣᠭᠴᠢ  ᠡᠯᠰᠡᠬᠦ  ᠲᠥᠯᠥᠪᠯᠡᠭᠡ ᠳᠤ  ᠤᠷᠤᠭᠰᠠᠨ᠂  2023  ᠪᠤᠶᠤ  2022  ᠣᠨ ᠳᠤ ᠲᠡᠭᠦᠰᠦᠭᠰᠡᠨ ᠠᠰᠫᠢᠷᠠᠨᠲ᠂ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ  ᠠᠩᠭᠢ ᠶᠢᠨ ᠰᠤᠷᠤᠯᠭ᠎ᠠ ᠶᠢᠨ  ᠨᠠᠮᠲᠠᠷ ᠲᠠᠢ  ᠲᠡᠭᠦᠰᠦᠭᠰᠡᠳ  ᠵᠢᠴᠢ  ᠤᠯᠤᠰ ᠤᠨ  ᠰᠤᠷᠭᠠᠨ ᠬᠥᠮᠦᠵᠢᠯ ᠤᠨ  ᠶᠠᠮᠤᠨ ᠤ  ᠰᠤᠷᠤᠯᠭ᠎ᠠ ᠶᠢᠨ ᠨᠠᠮᠲᠠᠷ ᠢᠶᠠᠷ ᠭᠡᠷᠡᠴᠢᠯᠡᠭᠳᠡᠭᠰᠡᠨ ᠤᠯᠤᠰ ᠲᠠᠭᠠᠨ ᠪᠤᠴᠠᠬᠰᠠᠨ ᠭᠠᠳᠠᠭᠠᠳᠤ ᠳᠤ ᠰᠤᠷᠤᠯᠴᠠᠬᠰᠡᠨ ᠰᠤᠷᠤᠬᠴᠢ᠃        ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠶᠢ ᠠᠪᠤᠨ᠎ᠠ᠂  ᠨᠡᠷ᠎ᠡ  ᠮᠡᠳᠡᠭᠦᠯᠬᠦ  ᠴᠠᠭ ᠨᠢ  6 ᠰᠠᠷ᠎ᠠ ᠶᠢᠨ 19 ᠤ ᠡᠳᠦᠷ ᠠᠴᠠ 6 ᠰᠠᠷ᠎ᠠ ᠶᠢᠨ 28 ᠤ ᠡᠳᠦᠷ ᠪᠣᠯᠲᠠᠯ᠎ᠠ᠃              ᠡᠨᠡ ᠬᠦ ᠠᠵᠢᠯ ᠳᠤ ᠤᠷᠤᠬᠤ ᠰᠠᠨᠠᠭ᠎ᠠ ᠲᠠᠢ ᠲᠡᠭᠦᠰᠦᠭᠰᠡᠳ ᠲᠣᠭᠲᠠᠭᠰᠠᠨ ᠴᠠᠭ ᠤᠨ ᠳᠣᠲᠣᠷ᠎ᠠ ᠳᠤᠮᠳᠠᠳᠤ ᠤᠯᠤᠰ ᠤᠨ ᠲᠡᠮᠦᠷ ᠵᠠᠮ ᠤᠨ ᠴᠢᠳᠠᠪᠤᠷᠢᠲᠠᠨ  ᠡᠯᠰᠡᠬᠦ ᠰᠦᠯᠵᠢᠶᠡᠨ ᠳᠤ ᠭᠠᠷᠴᠤ ᠨᠡᠷ᠎ᠡ ᠮᠡᠳᠡᠭᠦᠯᠵᠦ᠂ ᠠᠵᠢᠯ ᠤᠨ ᠪᠠᠶᠢᠷᠢ ᠭᠤᠶᠤᠴᠢᠯᠠᠬᠤ ᠦᠶ᠎ᠡ ᠳᠤ ︽ᠳᠤᠮᠳᠠᠳᠤ  ᠤᠯᠤᠰ ᠤᠨ ᠲᠡᠮᠦᠷ ᠵᠠᠮ ᠤᠨ ᠬᠥᠬᠡᠬᠤᠲᠠ ᠶᠢᠨ  ᠲᠣᠪᠴᠢᠶ᠎ᠠ ᠶᠢᠨ ᠪᠦᠯᠦᠭᠯᠡᠯ ᠤᠨ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠠᠯᠪᠠᠨ ᠵᠠᠷ ︵ᠭᠤᠷᠪᠠ︶︾ ᠳᠠᠬᠢ ᠬᠠᠷᠠᠭᠠᠯᠵᠠᠭᠰᠠᠨ ᠠᠵᠢᠯ ᠤᠨ ᠪᠠᠶᠢᠷᠢ ᠶᠢ ᠰᠤᠩᠭᠤᠭᠠᠷᠠᠢ᠂ ᠬᠥᠮᠦᠨ ᠪᠦᠷᠢ ᠨᠢᠭᠡ ᠯᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠪᠠᠷ ᠬᠢᠵᠠᠭᠠᠷᠯᠠᠨ᠎ᠠ᠃              ᠠᠰᠠᠭᠤᠨ ᠯᠠᠪᠯᠠᠬᠤ ᠤᠲᠠᠰᠤ᠄ 0471 — 2242731︔        ᠠᠰᠠᠭᠤᠨ ᠯᠠᠪᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ  ᠡᠮᠦᠨᠡᠬᠢ 9᠄  00  —11᠄  00  ᠴᠠᠭ᠂ ᠦᠳᠡ ᠶᠢᠨ ᠬᠤᠶᠢᠨᠠᠬᠢ 15᠄ 00 —17᠄ 00 ᠴᠠᠭ᠃        ᠢᠷᠡᠯᠳᠡ᠄ ᠠᠷᠠᠳ ᠤᠨ ᠰᠦᠯᠵᠢᠶ᠎ᠡ        
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1