ᠠᠩᠬ᠎ᠠ ᠤᠳᠠᠭ᠎ᠠ ᠨᠡᠶᠢᠲᠡᠯᠡᠪᠠ︕ ᠬᠤᠤᠷᠲᠤ ᠡᠳ᠋ ᠫᠠᠨᠽᠠᠯᠠᠬᠴᠢ ᠶᠢ ᠪᠠᠷᠢᠪᠴᠢᠯᠠᠬᠤ ᠪᠠᠭᠠᠲᠤᠷ ᠼᠠᠢ ᠰᠢᠶᠤᠤ ᠳ᠋ᠦᠩ ᠢ ᠠᠯᠠᠭᠰᠠᠨ ᠬᠤᠤᠷᠲᠤ ᠡᠳ᠋ ᠫᠠᠨᠽᠠᠯᠠᠬᠴᠢ ᠶᠢ ᠫᠤᠤᠳᠠᠵᠤ ᠠᠯᠠᠪᠠ
ᠨᠡᠶᠢᠲᠡᠯᠡᠭᠰᠡᠨ ᠴᠠᠭ᠄
2023/6/27
      ᠰᠤᠷᠪᠤᠯᠵᠢᠯᠠᠭᠴᠢ ᠥᠨᠥᠳᠦᠷ ︵25 ᠤ ᠡᠳᠦᠷ︶ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ 2022 ᠣᠨ ᠤ 12 ᠰᠠᠷ᠎ᠠ ᠶᠢᠨ 12 ᠤᠨ ᠡᠳᠦᠷ ᠤᠨ 14 ᠴᠠᠭ 20 ᠮᠢᠨᠦ᠋ᠲ ᠲᠤ᠂ ᠳᠤᠮᠳᠠᠳᠤ ᠤᠯᠤᠰ ᠪᠣᠯᠤᠨ ᠯᠠᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠶ ᠵᠣᠬᠢᠴᠠᠭᠤᠯᠭ᠎ᠠ ᠳᠤᠤᠷ᠎ᠠ᠂ ᠳᠤᠮᠳᠠᠳᠤ ᠤᠯᠤᠰ ᠤᠨ ᠴᠠᠭᠳᠠᠭᠠᠨ ᠤ ᠲᠠᠯ᠎ᠠ ᠶᠢᠨ ᠬᠢᠨ ᠬᠤᠶᠠᠷ ᠤᠯᠤᠰ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭᠠᠨ ᠤ ᠠᠷᠭ᠎ᠠ ᠵᠠᠮ ᠢᠶᠠᠷ ᠳᠠᠮᠵᠢᠭᠤᠯᠤᠨ᠂ ᠯᠠᠤᠰ ‍ᠤᠨ‌‍ᠴᠠᠭᠳᠠᠭᠠᠨ ᠤ ᠲᠠᠯ᠎ᠠ ᠶᠢᠨ ᠬᠢᠨ ᠲᠠᠢ ᠬᠠᠮᠵᠢᠯᠴᠠᠵᠦ ᠂ ᠯᠠᠤᠰ ᠲᠤ ᠤᠯᠤᠰ ᠠᠯᠤᠰᠯᠠᠨ ᠵᠡᠪᠰᠡᠭᠲᠦ ᠬᠦᠴᠦᠨ ᠢᠶᠠᠷ ᠬᠤᠤᠷᠲᠤ ᠡᠳ᠋ ᠫᠠᠨᠽᠠᠯᠠᠭᠰᠠᠨ ᠪᠥᠭᠡᠳ ᠳᠤᠮᠳᠠᠳᠤ ᠤᠯᠤᠰ ᠤᠨ ᠨᠡᠭᠦᠳᠡᠯ ᠠᠷᠠᠳ ᠤᠨ ᠴᠠᠭᠳᠠᠭ᠎ᠠ ᠼᠠᠢ ᠰᠢᠶᠤᠤ  ᠳ᠋ᠦᠩ ᠢ ᠫᠤᠤᠳᠠᠨ ᠠᠯᠠᠭᠰᠠᠨ ᠶᠠᠷᠭᠠᠴᠢᠨ ᠫᠢᠶᠣᠣ ᠱᠠ · ᠯᠤᠤ ᠵᠢᠶᠧ ᠱᠠ ᠶᠢ ᠪᠠᠷᠢᠪᠴᠢᠯᠠᠬᠤ ᠠᠵᠢᠯᠯᠠᠭ᠎ᠠ ᠥᠷᠨᠢᠭᠦᠯᠪᠡ᠃ ᠪᠠᠷᠢᠪᠴᠢᠯᠠᠬᠤ ᠠᠵᠢᠯᠯᠠᠭ᠎ᠠ ᠶᠢᠨ ᠳᠤᠮᠳᠠ ᠶᠠᠷᠭᠠᠴᠢᠨ ᠳᠠᠷᠢ ᠶᠢᠨ ᠪᠠᠭᠯᠠᠭ᠎ᠠ ᠪᠠᠷᠢᠵᠤ ᠪᠤᠷᠤᠩᠬᠤᠶᠢᠯᠠᠨ ᠡᠰᠡᠷᠭᠦᠴᠡᠭᠰᠡᠨ ᠳᠤ᠂  ᠯᠠᠤᠰ ᠤᠨ  ᠴᠠᠭᠳᠠᠭ᠎ᠠ ᠡᠷᠡᠰ ᠰᠢᠭᠤᠷᠬᠠᠶ ᠪᠠᠷ ᠫᠤᠤᠳᠠᠵᠤ᠂ ᠬᠦᠨᠳᠦ ᠰᠢᠷᠬᠠᠲᠤᠭᠰᠠᠨ ᠤ ᠳᠠᠷᠠᠭ᠎ᠠ ᠲᠡᠭᠦᠨ ᠳᠤ ᠲᠦᠷᠭᠡᠨ ᠠᠪᠤᠷᠠᠯᠳᠠ ᠬᠢᠭᠰᠡᠨ ᠪᠣᠯᠪᠠᠴᠤ ᠲᠤᠰᠠ ᠪᠣᠯᠤᠭᠰᠠᠨ ᠦᠭᠡᠶ ᠥᠭᠦᠵᠡᠶ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1