40℃᠂ ᠳᠠᠬᠢᠨ ᠰᠢᠲᠠᠮ᠎ᠠ‌ᠬᠠᠯᠠᠭᠤᠨ ᠪᠣᠯᠣᠨ᠎ᠠ
ᠨᠡᠶᠢᠲᠡᠯᠡᠭᠰᠡᠨ ᠴᠠᠭ᠄
2023/6/27
      6 ᠳ᠋ᠣᠭᠠᠷ ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ᠂ ᠪᠡᠭᠡᠵᠢᠩ ᠲᠢᠶᠠᠨᠵᠢᠨ ᠾᠧᠪᠧᠢ ᠣᠷᠣᠨ ᠤ ᠠᠭᠠᠬᠢᠮ᠎ᠠ ᠬᠠᠯᠠᠭᠤᠨ ᠠᠭᠤᠷ ᠠᠮᠢᠰᠬᠤᠯ ᠳᠦᠷᠬᠡᠨ ᠦᠷᠬᠡᠵᠢᠵᠦ᠂ ᠪᠡᠭᠡᠵᠢᠩ᠂ ᠲᠢᠶᠠᠨᠵᠢᠨ᠂ ᠾᠧᠪᠧᠢ  ᠶᠢᠨ ᠳᠤᠮᠳᠠ ᠡᠮᠦᠨᠡᠲᠦ ᠪᠡᠶ᠎ᠡ ᠪᠠ ᠵᠡᠭᠦᠨ ᠬᠤᠶᠢᠲᠤ ᠪᠡᠶ᠎ᠡ ᠶᠢᠨ ᠬᠠᠮᠤᠭ ᠥᠨᠳᠥᠷ ᠠᠭᠠᠷ ᠤᠨ ᠳᠤᠯᠠᠭᠠᠨ 38 ~ 41 ᠭᠷᠠᠳᠦ᠋ᠰ ᠲᠤ ᠬᠦᠷᠦᠯ᠎ᠡ᠃                            ᠵᠡᠭᠦᠨ ᠬᠤᠶᠢᠲᠤ ᠣᠷᠣᠨ ᠪᠠ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠳᠤ 25 ᠤ ᠡᠳᠦᠷ  ᠠᠴᠠ ᠬᠤᠶᠢᠰᠢ ᠠᠭᠠᠬᠢᠮ᠎ᠠ ᠬᠠᠯᠠᠭᠤᠨ ᠡᠳᠦᠷ ᠳᠠᠬᠢᠨ ᠦᠷᠭᠦᠯᠵᠢᠯᠡᠯ᠎ᠡ᠃ 25 ᠤ ᠡᠳᠦᠷ᠂ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠵᠠᠷᠤᠳ ᠬᠤᠰᠢᠭᠤᠨ ᠳᠤ ᠠᠭᠠᠷ ᠤᠨ ᠳᠤᠯᠠᠭᠠᠨ 40 ᠭᠷᠠᠳᠦ᠋ᠰ ᠲᠤ ᠬᠦᠷᠴᠡᠢ᠃                              ᠲᠥᠪ ᠤᠨ ᠴᠠᠭ ᠠᠭᠤᠷ ᠤᠨ ᠰᠢᠨᠵᠢᠯᠡᠭᠡᠨ ᠤ ᠰᠲ᠋ᠠᠨᠼ ᠤᠨ  ᠵᠢᠱᠢᠯᠲᠡ ᠪᠠᠷ᠂ 6 ᠳ᠋ᠣᠭᠠᠷ ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠪᠡᠭᠡᠵᠢᠩ᠂ ᠲᠢᠶᠠᠨᠵᠢᠨ᠂ ᠾᠧᠪᠧᠢ ᠶᠢᠨ ᠡᠮᠦᠨ᠎ᠡ ᠪᠡᠶ᠎ᠡ ᠪᠠᠷ  ᠪᠠᠰᠠ 40  ᠭᠷᠠᠳᠦ᠋ᠰ ᠢ ᠳᠠᠪᠠᠭ᠋ᠤ ᠰᠢᠲᠠᠮ᠎ᠠ ᠬᠠᠯᠠᠭᠤᠨ ᠴᠠᠭ ᠠᠭᠠᠷ ᠢᠯᠡᠷᠡᠵᠦ᠂ ᠬᠡᠰᠡᠭ ᠭᠠᠵᠠᠷ ᠲᠤ ᠨᠡᠩ ᠬᠠᠯᠠᠭᠤᠨ ᠪᠣᠯᠵᠤ ᠮᠡᠳᠡᠨ᠎ᠡ᠃                              7 ᠳ᠋ᠣᠭᠠᠷ ᠰᠠᠷ᠎ᠠ ᠶᠢᠨ ᠡᠬᠢ ᠪᠠᠷ᠂ ᠰᠢᠲᠠᠮ᠎ᠠ ᠬᠠᠯᠠᠭᠤᠨ ᠴᠠᠭ ᠠᠭᠠᠷ ᠪᠠᠰᠠ  ᠾᠧᠨᠠᠨ᠂ ᠱᠠᠨᠳᠦ᠋ᠩ ᠤᠨ ᠳᠤᠮᠳᠠ ᠪᠠᠷᠠᠭᠤᠨ ᠪᠡᠶ᠎ᠡ᠂ ᠱᠠᠨ‌‍ᠰᠢ ᠶᠢᠨ ᠬᠤᠶᠢᠲᠤ ᠪᠡᠶ᠎ᠡ ᠠᠴᠠ ᠱᠠᠨᠰᠢ ᠬᠦᠷᠲᠡᠯ᠎ᠡ ᠦᠷᠭᠦᠯᠵᠢᠯᠡᠬᠦ ᠪᠣᠯᠣᠨ᠎ᠠ᠃    ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1