6 ᠰᠠᠷ᠎ᠠ ᠶᠢᠨ 30 ᠤ ᠡᠳᠦᠷ ᠳᠠᠭᠤᠰᠤᠨ᠎ᠠ᠂ ᠱᠠᠯᠠᠪᠳᠠᠨ ᠭᠦᠢᠴᠡᠳᠬᠡᠭᠡᠷᠡᠢ︕
ᠨᠡᠶᠢᠲᠡᠯᠡᠭᠰᠡᠨ ᠴᠠᠭ᠄
2023/6/27
      6 ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠯᠠᠨ  ᠲᠦᠮᠡᠨ ᠤ  ᠵᠣᠭᠤᠰ   ᠲᠠᠢ ᠬᠤᠯᠪᠣᠭᠳᠠᠬᠤ ᠨᠢᠭᠡᠨ ᠶᠠᠪᠤᠳᠠᠯ ᠢ ᠱᠠᠯᠠᠪᠳᠠᠨ ᠬᠢᠬᠦ ᠴᠢᠬᠤᠯᠠᠲᠠᠢ᠃        2022  ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ   ᠬᠤᠷᠢᠶᠠᠩᠭᠤᠶᠢᠯᠠᠨ  ᠪᠣᠳᠣᠵᠤ ᠢᠯᠭᠠᠷᠠᠭᠤᠯᠤᠨ ᠲᠤᠰᠢᠶᠠᠬᠤ ᠠᠵᠢᠯ 6 ᠰᠠᠷ᠎ᠠ ᠶᠢᠨ 30 ᠤ ᠡᠳᠦᠷ ᠳᠠᠭᠤᠰᠤᠨ᠎ᠠ᠂ 2022 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠬᠤ ᠠᠵᠢᠯ ᠤᠨ ᠭᠦᠢᠴᠡᠳᠬᠡᠬᠦ ᠴᠠᠭ ᠨᠢ 2023 ᠣᠨ ᠤ 3 ᠰᠠᠷ᠎ᠠ ᠶᠢᠨ1 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ ᠪᠣᠯᠤᠨ᠎ᠠ᠂ ᠡᠨᠡ ᠬᠤᠭᠤᠴᠠᠭᠠᠨ ᠳᠤ ︽ᠢᠯᠡᠭᠦᠦ ᠶᠢ ᠨᠢ ᠪᠤᠴᠠᠭᠠᠵᠤ ᠳᠤᠲᠠᠭᠤ ᠶᠢ ᠨᠢ ᠨᠥᠬᠦᠪᠥᠷᠢᠯᠡᠬᠦ︾ ᠬᠡᠷᠡᠭᠲᠡᠢ᠃            ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠣᠶᠢᠷ᠎ᠠ ᠳᠤ  ᠪᠢᠴᠢᠭ ᠮᠠᠲ᠋ᠧᠷᠢᠶᠠᠯ ᠨᠡᠶᠢᠲᠡᠯᠡᠵᠦ᠂ 2022 ᠣᠨ ᠤ  ᠬᠤᠪᠢ  ᠬᠥᠮᠦᠨ ᠤ  ᠠᠰᠢᠭ  ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠠᠵᠢᠯ 6 ᠰᠠᠷ᠎ᠠ ᠶᠢᠨ   30 ᠤ ᠡᠳᠦᠷ ᠳᠠᠭᠤᠰᠤᠨ᠎ᠠ᠂ ᠬᠤᠷᠢᠶᠠᠩᠭᠤᠶᠢᠯᠠᠨ ᠪᠤᠳᠤᠬᠤ ᠶᠢ ᠬᠠᠷᠠᠬᠠᠨ ᠭᠦᠢᠴᠡᠳᠬᠡᠭᠡᠳᠦᠢ ᠭᠠᠶᠢᠯᠢ ᠲᠤᠰᠢᠶᠠᠭᠴᠢ ᠭᠠᠷ ᠤᠲᠠᠰᠤᠨ ᠤ ᠬᠤᠪᠢ ᠬᠥᠮᠦᠨ ᠤ ᠠᠰᠢᠭ  ᠣᠷᠣᠯᠭ᠎ᠠ ᠶᠢᠨ ᠭᠠᠶᠢᠯᠢ ᠶᠢᠨ APP ᠪᠤᠶᠤ ᠪᠠᠶᠢᠭᠠᠯᠢ ᠬᠥᠮᠦᠨ ᠤ ᠡᠯᠧᠺᠲᠷᠣᠨ  ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠰᠦᠯᠵᠢᠶ᠎ᠡ ᠪᠠᠷ ᠳᠠᠮᠵᠢᠭᠤᠯᠤᠨ ᠱᠠᠯᠠᠪᠳᠠᠨ ᠭᠦᠢᠴᠡᠳᠬᠡᠭᠡᠷᠡᠢ ᠭᠡᠵᠡᠶ᠃              ᠡᠳᠡᠭᠡᠷ ᠬᠥᠮᠦᠰ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠬᠤᠷᠢᠶᠠᠩᠭᠤᠶᠢᠯᠠᠨ ᠪᠣᠳᠣᠬᠤ ᠭᠠᠷ‌‍ᠭᠦ᠋ᠢᠴᠡᠳᠬᠡᠯ ᠬᠢᠬᠦ ᠴᠢᠬᠤᠯᠠᠲᠠᠢ᠄ ᠨᠢᠭᠡᠨᠲᠡ ᠤᠷᠢᠳᠴᠢᠯᠠᠨ ᠲᠤᠰᠢᠶᠠᠭᠰᠠᠨ ᠭᠠᠶᠢᠯᠢ ᠶᠢᠨ ᠲᠤᠭ᠎ᠠ ᠨᠢ ᠬᠤᠷᠢᠶᠠᠩᠭᠤᠶᠢᠯᠠᠨ ᠪᠣᠳᠣᠬᠤ ᠶᠣᠰᠣᠲᠠᠢ ᠭᠠᠶᠢᠯᠢ ᠶᠢᠨ ᠲᠤᠭ᠎ᠠ ᠠᠴᠠ ᠶᠡᠭᠡ ᠪᠥᠭᠡᠳ ᠭᠠᠶᠢᠯᠢ ᠪᠤᠴᠠᠭᠠᠬᠤ ᠪᠠᠷ  ᠭᠤᠶᠤᠴᠢᠯᠠᠭᠰᠠᠨ ᠪᠠᠶᠢᠪᠠᠯ︔ 2022ᠣᠨ ᠳᠤ ᠣᠯᠤᠭᠰᠠᠨ ᠶᠡᠷᠦᠩᠬᠡᠶᠢᠯᠡᠭᠰᠡᠨ ᠣᠷᠣᠯᠭ᠎ᠠ ᠨᠢ 12 ᠲᠦᠮᠡᠨ ᠲᠥᠭᠦᠷᠢᠭ ᠢ ᠳᠠᠪᠠᠭᠰᠠᠨ ᠪᠥᠭᠡᠳ  ᠬᠤᠷᠢᠶᠠᠩᠭᠤᠶᠢᠯᠠᠨ ᠪᠤᠳᠤᠬᠤ ᠳᠤ ᠨᠥᠬᠦᠪᠥᠷᠢᠯᠡᠬᠦ ᠭᠠᠶᠢᠯᠢ ᠶᠢᠨ ᠵᠣᠭᠤᠰ ᠤᠨ ᠲᠤᠭ᠎ᠠ ᠨᠢ 400  ᠲᠥᠭᠦᠷᠢᠭ ᠢ ᠳᠠᠪᠠᠭᠰᠠᠨ ᠪᠠᠶᠢᠪᠠᠯ ᠠᠰᠢᠭ ᠣᠷᠣᠯᠭ᠎ᠠ ᠶᠢᠨ ᠭᠠᠶᠢᠯᠢ ᠶᠢᠨ ᠣᠨ ᠤ ᠬᠤᠷᠢᠶᠠᠩᠭᠤᠶᠢᠯᠠᠨ ᠪᠣᠳᠣᠬᠤ ᠭᠠᠷ ᠭᠦᠢᠴᠡᠳᠬᠡᠯ ᠬᠢᠬᠦ ᠴᠢᠬᠤᠯᠠᠲᠠᠢ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1