ᠮᠠᠨ ᠤ ᠤᠯᠤᠰ ︽ᠪᠥᠬᠦ ᠤᠯᠤᠰ ᠤᠨ ᠠᠮᠢ ᠠᠬᠤᠢ ᠶᠢᠨ ᠡᠳᠦᠷ︾ ᠢ ᠪᠠᠶᠢᠭᠤᠯᠬᠤ ᠭᠡᠵᠦ ᠪᠠᠶᠢᠨ᠎ᠠ
ᠨᠡᠶᠢᠲᠡᠯᠡᠭᠰᠡᠨ ᠴᠠᠭ᠄
2023/6/28
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠨ ᠲᠦᠮᠡᠨᠴᠢᠯᠡᠨ ᠤᠯᠠᠮᠵᠢᠯᠠᠬᠤ ᠶᠢ ᠭᠦᠨᠵᠡᠭᠡᠶᠢᠷᠡᠭᠦᠯᠵᠦ᠂ ᠪᠦᠬᠦ ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠮᠠᠨ ᠤ ᠤᠯᠤᠰ 8 ᠳ᠋ᠤᠭᠠᠷ ᠰᠠᠷ᠎ᠠ ᠶᠢᠨ 15 ᠤ ᠡᠳᠦᠷ ᠢ ᠪᠦᠬᠦ ᠤᠯᠤᠰ ᠤᠨ ᠠᠮᠢ ᠠᠬᠤᠢ ᠶᠢᠨ ᠡᠳᠦᠷ ᠢᠶᠠᠷ ᠲᠣᠭᠲᠠᠭᠠᠬᠤ ᠭᠡᠵᠦ ᠪᠠᠶᠢᠨ᠎ᠠ᠃      ᠪᠦᠬᠦ ᠤᠯᠤᠰ ᠤᠨ ᠠᠮᠢ ᠠᠬᠤᠢ ᠶᠢᠨ ᠡᠳᠦᠷ ᠲᠣᠭᠲᠠᠭᠠᠬᠤ ᠲᠤᠬᠠᠢ ᠲᠣᠭᠲᠠᠭᠠᠯ ᠤᠨ ᠲᠥᠰᠥᠯ ᠢ 26 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠴᠠ ᠵᠦᠪᠯᠡᠪᠡ᠃ ᠲᠥᠰᠥᠯ ᠤᠨ ᠭᠤᠣᠯ ᠠᠭᠤᠯᠭ᠎ᠠ ᠳᠤ ᠪᠦᠬᠦ ᠤᠯᠤᠰ ᠤᠨ ᠠᠮᠢ ᠠᠬᠤᠢ ᠶᠢᠨ ᠡᠳᠦᠷ ᠢ ᠪᠠᠶᠢᠭᠤᠯᠬᠤ ᠵᠣᠷᠢᠯᠭ᠎ᠠ᠂ ᠪᠦᠬᠦ ᠤᠯᠤᠰ ᠤᠨ ᠠᠮᠢ ᠠᠬᠤᠢ ᠶᠢᠨ ᠡᠳᠦᠷ ᠢ ᠪᠠᠶᠢᠭᠤᠯᠬᠤ ᠴᠠᠭ᠂ ᠠᠵᠢᠯᠯᠠᠭ᠎ᠠ ᠶᠢᠨ ᠠᠭᠤᠯᠭ᠎ᠠ ᠵᠡᠷᠭᠡ ᠭᠤᠷᠪᠠᠨ ᠲᠠᠯ᠎ᠠ ᠶᠢ ᠪᠠᠭᠲᠠᠭᠠᠵᠠᠢ᠃      ᠲᠥᠷᠥ ᠶᠢᠨ ᠶᠠᠪᠤᠳᠠᠯ ᠤᠨ ᠬᠤᠷᠢᠶᠠᠨ ᠤ ᠨᠠᠶᠢᠳᠠᠯᠭ᠎ᠠ ᠪᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠴᠧᠨ ᠰᠢᠨ ᠬᠤᠷᠠᠯ ᠳᠡᠭᠡᠷ᠎ᠡ ᠲᠥᠰᠥᠯ ᠳᠤ ᠲᠣᠳᠣᠷᠬᠠᠶᠢᠯᠠᠯᠲᠠ ᠬᠢᠪᠡ᠃ ᠰᠢ ᠶᠢᠨ ᠫᠢᠩ ᠨᠥᠬᠦᠷ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ᠂ 2005 ᠣᠨ ᠤ 8 ᠳ᠋ᠤᠭᠠᠷ ᠰᠠᠷ᠎ᠠ ᠶᠢᠨ 15  ᠤ ᠡᠳᠦᠷ ᠬᠤᠵᠸᠦ ᠬᠤᠳᠠ ᠶᠢᠨ ᠠᠨ ᠵᠢᠢ ᠰᠢᠶᠠᠨ ᠳᠤ ᠰᠢᠨᠵᠢᠯᠡᠨ ᠪᠠᠶᠢᠴᠠᠭᠠᠬᠤ ᠳᠠᠭᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠴᠠᠢ᠃ ᠵᠤᠤ ᠴᠧᠨ ᠰᠢᠨ ᠲᠣᠳᠣᠷᠬᠠᠶᠢᠯᠠᠯᠲᠠ ᠳᠠᠭᠠᠨ᠂ ᠡᠨᠡᠬᠦ ᠨᠤᠲᠠᠯᠠᠯᠲᠠ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠭᠤᠣᠯᠯᠠᠭᠴᠢ ᠣᠶᠢᠯᠠᠭᠠᠭᠳᠠᠬᠤᠨ ᠪᠣᠯᠣᠨ᠎ᠠ᠂ 8 ᠳ᠋ᠤᠭᠠᠷ ᠰᠠᠷ᠎ᠠ ᠶᠢᠨ 15 ᠤ ᠡᠳᠦᠷ ᠢ ᠪᠦᠬᠦ ᠤᠯᠤᠰ ᠤᠨ ᠠᠮᠢ ᠠᠬᠤᠢ ᠶᠢᠨ ᠡᠳᠦᠷ ᠢᠶᠠᠷ ᠲᠣᠭᠲᠠᠭᠠᠵᠤ᠂ ᠳᠤᠷᠠᠰᠬᠠᠯ ᠤᠨ ᠡᠳᠦᠷ᠂ ᠠᠵᠢᠯᠯᠠᠭᠠᠨ ᠤ ᠡᠳᠦᠷ ᠤᠨ ᠴᠠᠭ ᠢ ᠲᠣᠭᠲᠠᠭᠠᠬᠤ ᠦᠨᠳᠦᠰᠦᠨ ᠵᠠᠷᠴᠢᠮ ᠲᠠᠢ ᠨᠡᠯᠢᠶᠡᠳ ᠨᠡᠶᠢᠴᠡᠵᠦ᠂ ᠡᠭᠦᠳᠦᠨ ᠪᠦᠲᠦᠭᠡᠬᠦ ᠴᠢᠨᠠᠷ᠂ ᠪᠡᠯᠭᠡ ᠲᠡᠮᠳᠡᠭ ᠤᠨ ᠴᠢᠨᠠᠷ᠂ ᠥᠪᠡᠷᠮᠢᠴᠡ ᠴᠢᠨᠠᠷ ᠢ ᠭᠦᠢᠴᠡᠳ ᠢᠯᠡᠷᠡᠭᠦᠯᠵᠦ ᠴᠢᠳᠠᠨ᠎ᠠ ᠭᠡᠵᠦ ᠢᠯᠡᠳᠬᠡᠪᠡ᠃      ᠲᠣᠭᠲᠠᠭᠠᠯ ᠤᠨ ᠲᠥᠰᠥᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠮᠠᠨ ᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠠᠷᠠᠳ ᠤᠯᠠᠨ ᠳᠤ ᠮᠠᠰᠢ ᠴᠢᠩᠭ᠎ᠠ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠣᠯᠭᠤᠵᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠬᠦᠴᠦᠲᠡᠢ ᠠᠬᠢᠭᠤᠯᠬᠤ ᠨᠢ ᠪᠦᠬᠦ ᠨᠠᠮ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠣᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠣᠶᠢᠯᠠᠭᠠᠭᠳᠠᠬᠤᠨ ᠪᠣᠯᠵᠤ᠂ ᠪᠣᠬᠢᠷᠲᠤᠯ ᠦᠭᠡᠢ ᠡᠷᠭᠢᠯᠲᠡᠲᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠠᠵᠢᠯᠯᠠᠭ᠎ᠠ ᠪᠣᠯᠵᠠᠢ ᠭᠡᠵᠦ ᠵᠢᠭᠠᠨ ᠭᠠᠷᠭᠠᠪᠠ᠃      ᠲᠣᠭᠲᠠᠭᠠᠯ ᠤᠨ ᠲᠥᠰᠥᠯ ᠳᠤ ᠳᠤᠷᠠᠳᠤᠭᠰᠠᠨ ᠨᠢ᠂ 8 ᠳ᠋ᠤᠭᠠᠷ ᠰᠠᠷ᠎ᠠ ᠶᠢᠨ 15 ᠤ ᠡᠳᠦᠷ ᠢ ᠪᠥᠬᠦ ᠤᠯᠤᠰ ᠤᠨ ᠠᠮᠢ ᠠᠬᠤᠢ ᠶᠢᠨ ᠡᠳᠦᠷ ᠪᠣᠯᠭᠠᠨ᠎ᠠ᠃ ᠤᠯᠤᠰ ᠠᠴᠠ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ ᠭᠡᠵᠡᠢ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1