ᠲᠣᠭᠲᠠᠬᠤ ᠰᠢᠶᠠᠨ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠤᠷᠤᠭᠰᠢᠳᠠᠢ ᠶᠠᠪᠦᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2023/6/28
      6 ᠳ᠋ᠤᠭᠠᠷ ᠰᠠᠷ᠎ᠠ ᠶᠢᠨ ᠡᠬᠢ ᠪᠠᠷ᠂ ᠬᠥᠬᠡᠬᠤᠲᠠ ᠶᠢᠨ ᠲᠣᠭᠲᠠᠬᠤ ᠰᠢᠶᠠᠨ ᠤ ᠲᠠᠷᠢᠶᠠᠨ ᠭᠠᠵᠠᠷ ᠢᠶᠠᠷ ᠠᠶᠠᠯᠠᠬᠤ ᠳᠤ᠂ ᠭᠠᠵᠠᠷ ᠪᠣᠯᠭᠠᠨ ᠳᠤ ᠨᠣᠭᠤᠭᠠᠨ ᠥᠩᠭᠡ ᠲᠠᠢ ᠡᠷᠳᠡᠨᠢ ᠰᠢᠰᠢ ᠶᠢᠨ ᠤᠷᠭᠤᠴᠠ ᠬᠥᠮᠥᠨ ᠢ ᠪᠠᠶᠠᠰᠬᠠᠨ᠎ᠠ᠂ ᠡᠨᠡ ᠪᠣᠯ ᠲᠣᠭᠲᠠᠬᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠭᠰᠠᠨ ᠠᠮᠢᠳᠤᠯᠢᠭ ᠢᠯᠡᠷᠡᠯ ᠪᠣᠯᠣᠨ᠎ᠠ᠃
     ᠵᠢᠷᠤᠭ ᠪᠣᠯ ᠲᠣᠭᠲᠠᠬᠤ ᠰᠢᠶᠠᠨ ᠤ ᠭᠠᠩ ᠹᠠᠩ ᠭᠧᠦ ᠲᠣᠰᠬᠤᠨ ᠤ ᠠᠷᠠᠳ ᠲᠠᠷᠢᠶᠠᠯᠠᠩ ᠤᠨ ᠮᠠᠰᠢᠨ ᠢᠶᠠᠷ ᠲᠠᠷᠢᠶᠠᠨ ᠭᠠᠵᠠᠷ ᠲᠤ ᠡᠪᠡᠰᠦ ᠠᠷᠢᠯᠭᠠᠵᠤ ᠪᠠᠶᠢᠭ᠎ᠠ ᠨᠢ ︵ᠵᠠᠩ ᠸᠧᠢ ᠰᠡᠭᠦᠳᠡᠷᠯᠡᠪᠡ︶      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠨᠠᠯᠠᠤ ᠭᠠᠵᠠᠷ ᠢ ᠤᠰᠤᠯᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠲᠤᠶᠢᠯ ᠤᠨ ᠶᠡᠭᠡ ᠪᠠᠷ ᠰᠢᠢᠳᠪᠦᠷᠢᠯᠡᠵᠦ᠂ ᠭᠠᠵᠠᠷ ᠰᠢᠷᠣᠢ ᠶᠢᠨ ᠲᠠᠯᠠᠪᠠᠶ ᠶᠢ ᠬᠤᠪᠢᠷᠠᠭᠤᠯᠬᠤ ᠦᠭᠡᠢ᠂ ᠲᠦᠷᠢᠶᠡᠰᠦᠨ ᠮᠥᠩᠭᠦ ᠪᠠ ᠤᠨᠠᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠦᠷ᠎ᠡ ᠪᠦᠲᠦᠮᠵᠢ ᠶᠢ ᠪᠡᠶᠡᠯᠡᠭᠦᠯᠪᠡ᠃ ᠲᠣᠰᠬᠤᠨ ᠤ ᠠᠷᠠᠳ ᠭᠠᠵᠠᠷ ᠰᠢᠷᠣᠢ ᠶᠢᠨ ᠣᠷᠣᠯᠭ᠎ᠠ ᠲᠠᠢ ᠪᠠᠶᠢᠬᠤ ᠠᠴᠠ ᠭᠠᠳᠠᠨ᠎ᠠ ᠪᠠᠰᠠ ᠭᠡᠷ ᠤᠨ ᠡᠭᠦᠳᠡᠨ ᠳᠡᠭᠡᠨ ᠠᠵᠢᠯ ᠣᠯᠵᠤ᠂ ᠣᠷᠣᠯᠭ᠎ᠠ ᠨᠢ ᠨᠡᠮᠡᠭᠳᠡᠵᠡᠢ᠃
ᠲᠣᠭᠲᠠᠬᠤ ᠰᠢᠶᠠᠨ ᠤ ᠭᠠᠩ ᠹᠠᠩ ᠭᠧᠦ ᠲᠣᠰᠬᠤᠨ ᠤ ᠠᠷᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤ ᠲᠠᠯᠪᠢᠬᠤ ᠨᠡᠭᠡᠯᠡᠭᠡᠢ ᠶᠢ ᠨᠡᠭᠡᠭᠡᠵᠦ ᠪᠠᠶᠢᠭ᠎ᠠ ᠨᠢ ︵ᠵᠠᠩ ᠸᠧᠢ ᠰᠡᠭᠦᠳᠡᠷᠯᠡᠪᠡ︶
     ᠲᠣᠭᠲᠠᠬᠤ ᠰᠢᠶᠠᠨ ᠤ ᠯᠢᠦ ᠯᠢᠨ ᠲᠠᠨ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ︵ᠦᠯᠢᠭᠦᠨ ᠰᠡᠭᠦᠳᠡᠷᠯᠡᠪᠡ︶
     ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ ᠬᠡᠪ ᠵᠠᠭᠪᠤᠷ ᠢ ᠵᠠᠳᠠᠯᠠᠵᠦ ᠪᠠᠶᠢᠭ᠎ᠠ ᠨᠢ ︵ᠦᠯᠢᠭᠦᠨ ᠰᠡᠭᠦᠳᠡᠷᠯᠡᠪᠡ︶
     ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠶᠠᠭ ᠳᠣᠲᠣᠷ ᠴᠣᠭᠴᠠᠯᠠᠪᠤᠷᠢ ᠶᠢᠨ ᠰᠤᠪᠠᠭ ᠪᠠᠶᠢᠭᠤᠯᠵᠤ ᠪᠠᠶᠢᠭ᠎ᠠ ᠨᠢ ︵ᠦᠯᠢᠭᠦᠨ ᠰᠡᠭᠦᠳᠡᠷᠯᠡᠪᠡ︶
     ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠳ ᠭᠦ᠋ ᠴᠧᠩ ᠪᠠᠯᠭᠠᠰᠤᠨ ᠤ ᠲᠠᠷᠢᠶᠠᠴᠢᠨ ᠡᠷᠦᠬᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠵᠢ ᠪᠦᠷᠢᠳᠦᠭᠦᠯᠬᠦ ᠲᠥᠬᠦᠭᠡᠷᠦᠮᠵᠢ ᠤᠭᠰᠠᠷᠠᠵᠤ ᠪᠠᠶᠢᠭ᠎ᠠ ᠨᠢ ︵ᠦᠯᠢᠭᠦᠨ ᠰᠡᠭᠦᠳᠡᠷᠯᠡᠪᠡ︶      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠠᠷᠢᠶᠠᠨ ᠭᠠᠵᠠᠷ ᠢ ᠳᠥᠷᠪᠡᠯᠵᠢᠨ ᠪᠣᠯᠭᠠᠵᠤ᠂ ᠤᠢ ᠰᠢᠭᠤᠢ ᠶᠢ ᠲᠣᠣᠷᠵᠢᠭᠤᠯᠵᠤ᠂ ᠵᠠᠮ ᠢ ᠨᠠᠪᠲᠠᠷᠡᠭᠦᠯᠵᠦ᠂ ᠰᠤᠪᠠᠭ ᠢ ᠬᠤᠯᠪᠣᠯᠳᠤᠭᠤᠯᠤᠭᠰᠠᠨ︾ ᠥᠨᠳᠥᠷ ᠤᠨᠠᠯᠲᠠ ᠲᠠᠢ ᠂ ᠲᠣᠭᠲᠠᠭᠤᠨ ᠬᠤᠷᠢᠶᠠᠯᠲᠠ ᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠢᠰᠲ᠋ᠥᠮ ᠢ ᠴᠢᠷᠮᠠᠶᠢᠨ ᠪᠠᠶᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
     ᠵᠢᠷᠤᠭ ᠪᠣᠯ ᠥᠨᠳᠥᠷ ᠪᠠᠷᠢᠮᠵᠢᠶ᠎ᠠ ᠲᠠᠢ ᠲᠠᠷᠢᠶᠠᠨ ᠭᠠᠵᠠᠷ ᠤᠨ ᠡᠷᠳᠡᠨᠢ ᠰᠢᠰᠢ ᠶᠢᠨ ᠤᠷᠭᠤᠴᠠ ᠬᠥᠮᠥᠨ ᠢ ᠪᠠᠶᠠᠷᠯᠠᠭᠤᠯᠤᠮ᠎ᠠ ᠪᠠᠶᠢᠭ᠎ᠠ ᠨᠢ ︵ᠦᠯᠢᠭᠦᠨ ᠰᠡᠭᠦᠳᠡᠷᠯᠡᠪᠡ︶ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1