ᠲᠣᠭᠲᠠᠬᠤ ᠰᠢᠶᠠᠨ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠪᠡ
ᠨᠡᠶᠢᠲᠡᠯᠡᠭᠰᠡᠨ ᠴᠠᠭ᠄
2023/6/28
      ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠲᠣᠭᠲᠠᠬᠤ ᠰᠢᠶᠠᠨ ᠤ ᠬᠢᠨ ᠨᠡᠶᠢᠭᠡᠮ ᠲᠣᠭᠤᠷᠢᠭ ᠤᠨ ᠺᠠᠳ᠋ᠷ ᠤᠨ ᠡᠩᠨᠡᠭᠡᠨ ᠤ ᠲᠦᠷ ᠤᠷᠢᠭᠳᠠᠬᠤ ᠬᠥᠮᠥᠨ ᠣᠯᠠᠨ᠂ ᠰᠣᠶᠣᠯ ᠤᠨ ᠬᠢᠷᠢ ᠬᠡᠮᠵᠢᠶ᠎ᠡ ᠳᠣᠣᠷ᠎ᠠ᠂ ᠪᠦᠬᠦᠯᠢ ᠨᠠᠰᠤ ᠨᠢ ᠨᠡᠯᠢᠶᠡᠳ ᠶᠡᠭᠡ᠂ ᠴᠢᠳᠠᠪᠤᠷᠢ ᠪᠠ ᠬᠡᠪ ᠴᠢᠨᠠᠷ ᠨᠢ ᠰᠢᠨ᠎ᠡ ᠴᠠᠭ ᠦᠶ᠎ᠡ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠵᠣᠬᠢᠴᠠᠬᠤ ᠦᠭᠡᠢ ᠪᠠᠶᠢᠬᠤ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ᠂ ᠣᠯᠠᠨ ᠵᠦᠢᠯ ᠤᠨ ᠠᠷᠭ᠎ᠠ ᠵᠠᠮ ᠢᠶᠠᠷ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠰᠣᠩᠭᠤᠬᠤ᠂ ᠬᠥᠮᠥᠵᠢᠭᠦᠯᠬᠦ᠂ ᠬᠠᠮᠢᠶᠠᠷᠬᠤ᠂ ᠬᠡᠷᠡᠭᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠠᠵᠢᠯ ᠮᠡᠷᠭᠡᠵᠢᠬᠦ᠂ ᠲᠤᠰᠬᠠᠶᠢᠵᠢᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠪᠡ᠃ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠢᠭᠡ ᠳᠤ᠂ ᠬᠥᠮᠥᠰ ᠤᠨ ᠣᠷᠣᠵᠤ ᠢᠷᠡᠬᠦ ᠠᠷᠭ᠎ᠠ ᠵᠠᠮ ᠢ ᠥᠷᠭᠡᠳᠬᠡᠨ᠎ᠡ᠃ 2019 ᠣᠨ ᠠᠴᠠ ᠣᠲᠣ ᠪᠣᠯᠲᠠᠯ᠎ᠠ᠂ ᠬᠤᠲᠠ   ᠠᠴᠠ ᠡᠯᠰᠡᠭᠰᠡᠨ 52 ᠣᠶᠤᠲᠠᠨ ᠢ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠳᠤ ᠣᠷᠣᠭᠤᠯᠵᠤ᠂ ᠨᠡᠶᠢᠭᠡᠮ ᠲᠣᠭᠤᠷᠢᠭ ᠲᠤ ᠰᠢᠨ᠎ᠡ ᠰᠣᠷᠭᠤᠭ ᠬᠦᠴᠦᠨ ᠨᠡᠮᠡᠷᠢᠯᠡᠪᠡ᠃ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠠᠯᠭᠠᠰᠤ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠠᠴᠠ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ 16 ᠨᠠᠮ ᠤᠨ ᠭᠡᠰᠢᠭᠦᠨ ᠺᠠᠳ᠋ᠷ ᠢ ᠨᠡᠶᠢᠭᠡᠮ ᠲᠣᠭᠤᠷᠢᠭ ᠲᠤ ᠰᠣᠩᠭᠤᠨ ᠲᠣᠮᠢᠯᠠᠵᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠪᠡ᠃ ᠬᠤᠶᠠᠷ ᠲᠤ᠂ ᠠᠵᠢᠯ  ᠮᠡᠷᠭᠡᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠢᠯᠢᠳᠡᠭᠵᠢᠭᠦᠯᠦᠨ᠎ᠡ᠃ ︽ᠨᠡᠶᠢᠭᠡᠮ ᠲᠣᠭᠤᠷᠢᠭ ᠤᠨ ᠠᠵᠢᠯᠲᠠᠨ ︱ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠭᠦᠨ ︱ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︱ ᠠᠯᠪᠠᠲᠠᠨ ︵ᠠᠵᠢᠯ ᠦᠢᠯᠡᠰ ᠤᠨ ᠣᠷᠣᠨ ᠲᠤᠭ᠎ᠠ︶ ᠤ ᠠᠵᠢᠯᠲᠠᠨ ︱ ᠰᠢᠶᠠᠩ ᠰᠠᠯᠠᠭ᠎ᠠ ᠶᠢᠨ ᠲᠠᠰ ᠤᠨ ᠤᠳᠤᠷᠢᠳᠬᠤ ᠺᠠᠳ᠋ᠷ︾ ᠤᠨ ᠠᠵᠢᠯ ᠮᠡᠷᠭᠡᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠨ ᠨᠠᠪᠲᠠᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠵᠡᠷᠭᠡ ᠳᠡᠪᠰᠢᠬᠦ ᠠᠷᠭ᠎ᠠ ᠵᠠᠮ ᠪᠠ ᠬᠥᠭᠵᠢᠯᠲᠡ ᠶᠢᠨ ᠣᠷᠣᠨ ᠵᠠᠢ ᠶᠢ ᠥᠷᠭᠡᠳᠬᠡᠪᠡ᠃ ᠭᠤᠷᠪᠠ ᠳᠤ᠂ ᠴᠠᠯᠢᠩ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠎ᠠ᠃ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠳᠤᠭᠠᠷ ᠲᠠᠰ︾ ᠤᠨ ᠴᠠᠯᠢᠩ ᠬᠥᠯᠥᠰᠦ ᠶᠢ ᠬᠥᠳᠡᠯᠦᠩᠭᠦᠢ ᠪᠠᠷ ᠲᠣᠬᠢᠷᠠᠭᠤᠯᠬᠤ ᠪᠠ ᠬᠡᠪ ᠤᠨ ᠪᠠᠶᠢᠳᠠᠯ ᠢᠶᠠᠷ ᠨᠡᠮᠡᠭᠳᠡᠭᠦᠯᠬᠦ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢᠲᠠᠨ ᠤ ᠰᠠᠭᠤᠷᠢ ᠶᠢ ᠪᠠᠲᠤᠳᠬᠠᠨ᠎ᠠ᠃      ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠦᠷᠦᠭᠦᠦ ᠭᠠᠯᠠᠭᠤ ᠶᠢᠨ ᠡᠩᠨᠡᠭᠡ ᠶᠢ ᠴᠢᠩᠭᠠᠳᠬᠠᠨ᠎ᠠ᠃ ᠨᠢᠭᠡ ᠳᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠯᠢᠳᠡᠭᠵᠢᠭᠦᠯᠵᠦ᠂ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠭᠤᠣᠯᠳᠠᠭᠤᠯᠵᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠵᠣᠬᠢᠶᠠᠨ ᠪᠠᠶᠢᠭᠤᠯᠤᠨ ᠶᠠᠷᠢᠯᠴᠠᠬᠤ ᠵᠢᠴᠢ ᠮᠠᠲ᠋ᠧᠷᠢᠶᠠᠯ ᠢ ᠰᠢᠯᠵᠢᠭᠦᠯᠦᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠰᠢᠶᠠᠨ ᠤ 16 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ ᠪᠠ ᠵᠠᠳᠠᠯᠤᠯᠲᠠ ᠬᠢᠵᠦ᠂ ᠰᠤᠳᠤᠯᠤᠨ ᠮᠠᠭᠠᠳᠯᠠᠯᠲᠠ ᠬᠢᠭᠰᠡᠨ ᠪᠥᠭᠡᠳ ᠠᠵᠢᠯ ᠤᠨ ᠪᠠᠶᠢᠷᠢ ᠶᠢᠨ ᠬᠡᠷᠡᠭᠴᠡᠭᠡ ᠪᠠ ᠬᠤᠪᠢ ᠬᠥᠮᠥᠨ ᠤ ᠢᠯᠡᠷᠡᠯ ᠢ ᠦᠨᠳᠦᠰᠦᠯᠡᠨ᠂ 6 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠲᠣᠬᠢᠷᠠᠭᠤᠯᠤᠨ ᠰᠢᠯᠢᠳᠡᠭᠵᠢᠭᠦᠯᠪᠡ᠃ ᠬᠤᠶᠠᠷ ᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢᠲᠠᠨ ᠤ ᠬᠥᠮᠥᠷᠭᠡ ᠶᠢ ᠲᠡᠭᠦᠯᠳᠡᠷᠵᠢᠭᠦᠯᠦᠨ᠎ᠡ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠣᠨ ︽ᠬᠤᠶᠠᠷ ᠵᠥᠪᠯᠡᠯ︾ ᠤᠨ ᠺᠠᠳ᠋ᠷ ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠳᠦᠷ ᠲᠤᠳᠤᠮ ᠤᠨ ᠠᠵᠢᠯ ᠤᠨ ᠢᠯᠡᠷᠡᠯ ᠪᠣᠯᠣᠨ ᠣᠨ ᠤ ᠬᠢᠨᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠨ᠂ ᠠᠵᠢᠯ ᠤᠨ ᠴᠢᠳᠠᠪᠤᠷᠢ ᠪᠠᠷ ᠴᠢᠩᠭ᠎ᠠ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠨᠡᠶᠢᠭᠡᠮ ᠲᠣᠭᠤᠷᠢᠭ ᠤᠨ ᠠᠵᠢᠯᠲᠠᠨ ᠢ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠴᠢᠳᠠᠪᠤᠷᠢᠲᠠᠨ ᠤ ᠬᠥᠮᠥᠷᠭᠡ︾ ᠳᠤ ᠣᠷᠣᠭᠤᠯᠵᠤ᠂ ︽ᠬᠤᠶᠠᠷ ᠵᠥᠪᠯᠡᠯ︾ ᠤᠨ ᠪᠠᠭ ᠲᠤ ᠲᠥᠯᠥᠪᠯᠡᠭᠡ ᠲᠠᠢ ᠪᠠᠷ ᠰᠣᠩᠭᠤᠨ ᠣᠷᠣᠭᠤᠯᠵᠤ ᠭᠤᠣᠯᠳᠠᠯᠭ᠎ᠠ ᠲᠠᠢ ᠬᠥᠮᠥᠵᠢᠭᠦᠯᠦᠨ᠎ᠡ᠃ ᠡᠨᠡ ᠵᠢᠯ ᠠᠴᠠ ᠨᠠᠰᠢ᠂ ᠪᠠᠶᠢᠴᠠᠭᠠᠨ ᠰᠤᠳᠤᠯᠤᠯᠲᠠ ᠬᠢᠵᠦ ᠣᠶᠢᠯᠠᠭᠠᠨ ᠵᠢᠭᠰᠠᠭᠠᠭᠰᠠᠨ ᠪᠠ ︽ᠰᠢᠯᠢᠳᠡᠭ ᠢ ᠨᠢ ᠠᠬᠢᠭᠤᠯᠬᠤ︾ ᠪᠠᠶᠢᠳᠠᠯ ᠢ ᠦᠨᠳᠦᠰᠦᠯᠡᠨ᠂ ᠨᠡᠶᠢᠭᠡᠮ ᠲᠣᠭᠤᠷᠢᠭ ᠤᠨ 21 ᠠᠵᠢᠯᠲᠠᠨ ᠢ ᠬᠥᠮᠥᠷᠭᠡ ᠳᠤ ᠰᠢᠨ᠎ᠡ ᠪᠠᠷ ᠣᠷᠣᠭᠤᠯᠪᠠ᠃ ᠭᠤᠷᠪᠠ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠎ᠠ᠃ ᠵᠢᠯ ᠪᠦᠷᠢ ᠨᠢᠭᠡ ᠤᠳᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠵᠡᠪᠰᠡᠭ ᠤᠨ ᠡᠷᠳᠡᠮ ᠮᠥᠷᠥᠶᠢᠴᠡᠵᠦ ᠴᠡᠷᠢᠭ ᠪᠣᠯᠪᠠᠰᠤᠷᠠᠭᠤᠯᠬᠤ︾ ᠪᠠ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢ ᠵᠣᠬᠢᠶᠠᠨ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠣᠨᠣᠯ ᠤᠨ ᠰᠤᠷᠤᠯᠴᠠᠯᠭ᠎ᠠ᠂ ᠤᠯᠤᠰ ᠲᠥᠷᠥ ᠶᠢᠨ ᠬᠡᠪ ᠴᠢᠨᠠᠷ ᠪᠠ ᠴᠢᠳᠠᠪᠤᠷᠢ ᠴᠢᠳᠠᠪᠤᠷᠢ ᠶᠢ ᠴᠢᠩᠭᠠᠷᠠᠭᠤᠯᠤᠨ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ︽ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠤᠨ ᠪᠠᠶᠢᠭᠤᠯᠤᠯᠲᠠ ᠳᠤᠮᠳᠠ ᠠᠵᠢᠯ ᠤᠨ ᠰᠡᠳᠬᠢᠮᠵᠢ ᠪᠠᠨ ᠪᠠᠶᠠᠯᠢᠭᠵᠢᠭᠤᠯᠵᠤ᠂ ᠵᠠᠰᠠᠯᠲᠠ ᠶᠢᠨ ᠲᠤᠷᠰᠢᠯᠭ᠎ᠠ ᠪᠠᠨ ᠰᠣᠯᠢᠯᠴᠠᠵᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠡᠭᠡᠭᠰᠢᠯᠡᠭᠦᠯᠪᠡ᠃      ᠨᠡᠶᠢᠭᠡᠮ ᠲᠣᠭᠤᠷᠢᠭ ᠤᠨ ᠠᠵᠢᠯᠲᠠᠳ ᠤᠨ ᠲᠤᠰᠬᠠᠢ ᠮᠡᠷᠭᠡᠵᠢᠯ ᠤᠨ ᠴᠢᠳᠠᠪᠤᠷᠢ ᠶᠢᠨ ᠲᠡᠭᠡᠭᠰᠢᠯᠡᠯᠳᠡ ᠶᠢ ᠠᠬᠢᠭᠤᠯᠤᠨ᠎ᠠ᠃ ᠨᠢᠭᠡ ᠳᠤ᠂ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠶᠢ ᠥᠷᠨᠢᠭᠦᠯᠦᠨ᠎ᠡ᠃ ᠭᠠᠳᠠᠭᠰᠢ ᠭᠠᠷᠬᠤ᠂ ᠣᠷᠣᠭᠤᠯᠵᠤ ᠢᠷᠡᠬᠦ᠂ ᠠᠵᠢᠯ ᠤᠨ ᠰᠡᠳᠬᠢᠴᠡ ᠪᠠᠨ ᠴᠢᠩᠭᠠᠳᠬᠠᠬᠤ ᠶᠢ ᠪᠠᠷᠢᠮᠲᠠᠯᠠᠵᠤ᠂ ︽ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠬᠤᠲᠣᠩ ᠦᠨᠳᠦᠰᠦᠲᠡᠨ ᠤ ᠲᠣᠭᠤᠷᠢᠭ ᠤᠨ ᠲᠦᠩ ᠳ᠋ᠣᠣ ᠵᠡᠭᠡᠯᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠲᠠᠢ ᠬᠤᠣᠰᠯᠠᠨ ᠲᠡᠳᠬᠦᠪᠡ᠃ ᠨᠡᠶᠢᠭᠡᠮ ᠲᠣᠭᠤᠷᠢᠭ ᠤᠨ ᠠᠵᠢᠯᠲᠠᠨ ᠢ 3 ᠪᠦᠯᠦᠭ ᠤᠳᠠᠭ᠎ᠠ ᠰᠣᠩᠭᠤᠨ ᠲᠣᠮᠢᠯᠠᠵᠤ ᠨᠡᠶᠢᠭᠡᠮ ᠲᠣᠭᠤᠷᠢᠭ ᠲᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠭᠤᠯᠤᠨ᠎ᠠ᠃ ᠡᠭᠦᠨ ᠤ ᠬᠠᠮᠲᠤ ᠰᠠᠨ ᠱᠦᠨ ᠳ᠋ᠢᠶᠠᠨ ᠤ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠢ ᡁᠢ ᠨᠥᠬᠦᠷ ᠢ ᠲᠤᠭᠳᠠᠬᠤ ᠰᠢᠶᠠᠨ ᠳᠤ ᠤᠷᠢᠵᠤ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃ ᠣᠳᠣᠬᠠᠨ ᠳᠤ ᠨᠢᠭᠡᠳᠦᠭᠡᠷ ᠪᠦᠯᠦᠭ ᠤᠨ ᠬᠥᠮᠥᠰ ᠢ ᠰᠣᠩᠭᠤᠨ ᠲᠣᠮᠢᠯᠠᠵᠤ ᠲᠤᠰᠢᠶᠠᠯ ᠡᠭᠦᠷᠭᠡᠯᠡᠭᠦᠯᠬᠦ ᠠᠵᠢᠯ ᠢ ᠨᠢᠭᠡᠨᠲᠡ ᠪᠡᠶᠡᠯᠡᠭᠦᠯᠵᠡᠢ᠃ ᠬᠤᠶᠠᠷ ᠲᠤ᠂ ᠪᠣᠯᠪᠠᠰᠤᠷᠠᠭᠤᠯᠤᠯ ᠰᠤᠷᠤᠯᠴᠠᠯᠭ᠎ᠠ ᠶᠢ ᠴᠢᠩᠭᠠᠳᠬᠠᠨ᠎ᠠ᠃ ᠵᠢᠯ ᠪᠦᠷᠢ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠯ ᠤᠨ ᠬᠢᠴᠢᠶᠡᠯ  ᠢ ᠲᠥᠯᠥᠪᠯᠡᠵᠦ᠂ ᠪᠦᠬᠦᠨ ᠢ ᠪᠦᠷᠬᠦᠭᠦᠯᠦᠨ ᠨᠡᠶᠢᠭᠡᠮ ᠲᠣᠭᠤᠷᠢᠭ ᠤᠨ ᠠᠵᠢᠯᠲᠠᠳ ᠲᠤ ᠤᠨᠤᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠬᠢᠨ᠎ᠡ᠂ ᠤᠳᠤ ᠪᠣᠯᠲᠠᠯ᠎ᠠ 320 ᠨᠡᠶᠢᠭᠡᠮ ᠲᠣᠭᠤᠷᠢᠭ ᠤᠨ ᠠᠵᠢᠯᠲᠠᠳ ᠲᠤ 1 ᠡᠭᠡᠯᠵᠢ ᠤᠳᠠᠭ᠎ᠠ ᠪᠣᠯᠪᠠᠰᠤᠷᠠᠯ ᠬᠦᠷᠲᠡᠭᠡᠵᠡᠢ᠃ ᠭᠤᠷᠪᠠ ᠳᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠰᠢᠯᠭᠠᠨ ᠠᠪᠬᠤ ᠶᠢ ᠳᠡᠮᠵᠢᠨ᠎ᠡ᠃ ︽ᠨᠡᠶᠢᠭᠡᠮ ᠤᠨ ᠠᠵᠢᠯᠲᠠᠨ ᠤ ᠦᠨᠡᠮᠯᠡᠯ︾ ᠢ ᠰᠢᠯᠭᠠᠨ ᠠᠪᠬᠤ ᠶᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠦᠴᠦᠲᠡᠢ ᠭᠠᠷᠳᠠᠴᠠ ᠪᠣᠯᠭᠠᠵᠤ᠂ ︽ᠨᠡᠶᠢᠭᠡᠮ ᠤᠨ ᠠᠵᠢᠯᠲᠠᠨ ᠤ ᠦᠨᠡᠮᠯᠡᠯ︾ ᠢ ᠰᠢᠯᠭᠠᠨ ᠠᠪᠤᠭᠰᠠᠨ ᠪᠠᠶᠢᠳᠠᠯ ᠢ ᠨᠡᠶᠢᠭᠡᠮ ᠲᠣᠭᠤᠷᠢᠭ ᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠦᠨᠡᠯᠡᠨ ᠲᠣᠭᠲᠠᠭᠠᠬᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠣᠳᠠᠲᠤ ᠠᠮᠵᠢᠯᠲᠠ ᠶᠢ ᠰᠢᠯᠭᠠᠨ ᠬᠢᠨᠠᠬᠤ᠂ ᠨᠡᠶᠢᠭᠡᠮ ᠲᠣᠭᠤᠷᠢᠭ ᠤᠨ ᠺᠠᠳ᠋ᠷ ᠤᠨ ᠴᠠᠯᠢᠩ ᠬᠥᠯᠥᠰᠦ ᠣᠯᠭᠤᠮᠵᠢ ᠯᠤᠭ᠎ᠠ ᠬᠤᠯᠪᠣᠭᠳᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ︽ᠨᠡᠶᠢᠭᠡᠮ ᠤᠨ ᠠᠵᠢᠯᠲᠠᠨ ᠤ ᠦᠨᠡᠮᠯᠡᠯ︾ ᠢ ᠢᠳᠡᠪᠬᠢᠲᠡᠢ ᠰᠢᠯᠭᠠᠨ ᠠᠪᠬᠤ ᠶᠢ ᠵᠣᠷᠢᠭᠵᠢᠭᠤᠯᠤᠨ᠂ ᠪᠥᠬᠦ ᠠᠵᠢᠯᠲᠠᠨ ᠤ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ︾ ᠶᠢ ᠲᠦᠯᠬᠢᠨ ᠠᠬᠢᠭᠤᠯᠬᠤ ᠬᠡᠷᠡᠭᠲᠡᠢ᠃ ᠣᠳᠣᠬᠠᠨ ᠳᠤ᠂ ᠨᠢᠭᠡᠨᠲᠡ 1 ᠬᠥᠮᠥᠨ ᠳᠤᠮᠳᠠ ᠵᠡᠷᠭᠡ ᠶᠢᠨ ︽ᠨᠡᠶᠢᠭᠡᠮ ᠤᠨ ᠠᠵᠢᠯᠲᠠᠨ ᠤ ᠦᠨᠡᠮᠯᠡᠯ︾ ᠲᠠᠢ ᠪᠣᠯᠵᠤ᠂ 10 ᠬᠥᠮᠥᠨ ᠠᠩᠬ᠎ᠠ ᠵᠡᠷᠭᠡ ᠶᠢᠨ ︽ᠨᠡᠶᠢᠭᠡᠮ ᠤᠨ ᠠᠵᠢᠯᠲᠠᠨ ᠤ ᠦᠨᠡᠮᠯᠡᠯ︾ ᠲᠠᠢ ᠪᠣᠯᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1