ᠡᠨᠡ ᠵᠢᠯ ᠤᠨ 6 ᠳ᠋ᠤᠭᠠᠷ ᠰᠠᠷ᠎ᠠ ᠪᠣᠯ 22 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ | ᠰᠠᠷ᠎ᠠ︾ ᠪᠣᠯᠤᠨ᠎ᠠ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠭᠠᠵᠤ ᠴᠢᠳᠠᠬᠤ︾ ᠶᠢ ᠪᠡᠶᠡᠯᠡᠭᠦᠯᠬᠦ ᠶᠢᠨ ᠲᠥᠯᠥᠭᠡ᠂ ᠡᠳᠦᠭᠡ ᠪᠠᠷᠢᠯᠭ᠎ᠠ ᠶᠢᠨ ᠠᠵᠢᠯ ᠤᠨ ᠠᠶᠤᠯᠭᠦᠢ | ᠦᠢᠯᠡᠳᠪᠦᠷᠢᠯᠡᠯ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠤᠷᠢᠶᠠᠩᠭᠤᠶᠢᠯᠠᠨ ᠨᠠᠶᠢᠷᠠᠭᠤᠯᠵᠤ᠂ | ᠤᠯᠠᠨ ᠢᠶᠠᠷ ᠢᠶᠠᠨ ᠰᠤᠷᠤᠯᠴᠠᠬᠤ ᠳᠤ ᠯᠠᠪᠯᠠᠯᠲᠠ ᠪᠤᠯᠭᠠᠶ᠎ᠠ᠃ | ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ | ᠦᠨᠡᠮᠯᠡᠯ ᠤᠨ ᠬᠠᠮᠢᠶᠠᠷᠤᠯᠲᠠ ᠶᠢᠨ ᠲᠣᠭᠲᠠᠭᠠᠯ | ᠬᠤᠶᠠᠳᠤᠭᠠᠷ ᠵᠤᠷᠪᠤᠰ ᠤᠯᠤᠰ ᠠᠴᠠ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠳᠤ ᠠᠶᠤᠯᠭᠦᠢ | ᠦᠢᠯᠡᠳᠪᠦᠷᠢᠯᠡᠯ ᠤᠨ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ | ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ | ᠣᠯᠤᠭᠠᠳᠤᠶ ᠪᠣᠯ ᠪᠠᠷᠢᠯᠭ᠎ᠠ ᠪᠠᠷᠢᠬᠤ ᠠᠵᠢᠯᠯᠠᠭ᠎ᠠ ᠬᠢᠵᠦ ᠪᠣᠯᠬᠤ ᠦᠭᠡᠶ᠃ | ᠲᠤᠰ ᠲᠣᠭᠲᠠᠭᠠᠯ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠭᠡᠳᠡᠭ ᠪᠣᠯ ᠰᠢᠷᠣᠢ | ᠮᠣᠳᠣᠨ ᠤ ᠪᠠᠷᠢᠯᠭ᠎ᠠ᠂ ᠪᠠᠷᠢᠯᠭ᠎ᠠ ᠶᠢᠨ ᠠᠵᠢᠯ᠂ ᠤᠲᠠᠰᠤ ᠬᠤᠭᠤᠯᠠᠢ ᠪᠠ ᠲᠤᠨᠤᠭ ᠲᠥᠬᠦᠭᠡᠷᠦᠮᠵᠢ ᠤᠭᠰᠠᠷᠠᠬᠤ | ᠠᠵᠢᠯ ᠵᠢᠴᠢ ᠵᠠᠰᠠᠵᠤ ᠴᠢᠮᠡᠭᠯᠡᠬᠦ ᠠᠵᠢᠯ ᠤᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ ᠪᠠ ᠨᠤᠷᠠᠭᠠᠬᠤ ᠵᠡᠷᠭᠡ ᠬᠤᠯᠪᠣᠭᠳᠠᠯ ᠪᠦᠬᠦᠢ ᠠᠵᠢᠯᠯᠠᠭ᠎ᠠ ᠶᠢ ᠡᠷᠬᠢᠯᠡᠵᠦ ᠪᠠᠶᠢᠭ᠎ᠠ ᠠᠵᠤ ᠠᠬᠤᠶᠢᠯᠠᠯ ᠢ | ᠵᠢᠭᠠᠵᠤ ᠪᠠᠶᠢᠨ᠎ᠠ᠃ | ᠳᠥᠷᠪᠡᠳᠦᠭᠡᠷ ᠵᠤᠷᠪᠤᠰ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ | ᠵᠥᠪᠰᠢᠶᠡᠷᠡᠯ ᠤᠨ ᠦᠨᠡᠮᠯᠡᠯ ᠣᠯᠬᠤ ᠳᠤ ᠳᠣᠣᠷ᠎ᠠ ᠵᠢᠭᠰᠠᠭᠠᠭᠰᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠤᠶᠢᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠠᠵᠢᠯᠯᠠᠬᠤ | ᠳᠦᠷᠢᠮ ᠢ ᠲᠣᠭᠲᠠᠭᠠᠨ᠎ᠠ︔ | ︵ᠬᠤᠶᠠᠷ︶ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ ᠬᠡᠷᠡᠭᠰᠡᠬᠦ ᠪᠡᠯᠡ | ᠮᠥᠩᠭᠦ ᠶᠢᠨ ᠣᠷᠣᠭᠤᠯᠤᠯᠲᠠ ᠶᠢ ᠪᠠᠲᠤᠯᠠᠨ᠎ᠠ︔ | ︵ᠭᠤᠷᠪᠠ︶ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠲᠤᠰᠬᠠᠢ ᠲᠤᠰᠢᠶᠠᠯᠲᠤ ᠠᠵᠢᠯᠲᠠᠨ ᠢ ᠲᠣᠬᠢᠷᠠᠭᠤᠯᠤᠨ᠎ᠠ︔ | ︵ᠳᠥᠷᠪᠡ︶ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠠᠶᠤᠯᠭᠦᠢ | ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠠᠳ ᠬᠢᠷᠢ ᠲᠡᠩᠴᠡᠭᠰᠡᠨ ᠪᠠᠶᠢᠬᠤ ᠬᠡᠷᠡᠭᠲᠡᠢ︔ | ︵ᠲᠠᠪᠦ︶ ᠣᠨᠴᠠ ᠲᠦᠷᠦᠯ ᠤᠨ ᠠᠵᠢᠯᠯᠠᠭᠴᠢᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠣᠨᠴᠠ ᠲᠦᠷᠦᠯ ᠤᠨ | ᠠᠵᠢᠯ ᠤᠨ ᠠᠵᠢᠯᠯᠠᠬᠤ ᠬᠢᠷᠢ ᠬᠡᠮ ᠤᠨ ᠦᠨᠡᠮᠯᠡᠯ ᠣᠯᠣᠭᠰᠠᠨ ᠪᠠᠶᠢᠨ᠎ᠠ︔ | ︵ᠵᠢᠷᠭᠤᠭ᠎ᠠ︶ ᠬᠠᠮᠢᠶᠠᠷᠤᠯᠲᠠ ᠶᠢᠨ ᠠᠵᠢᠯᠲᠠᠨ ᠪᠣᠯᠤᠨ ᠠᠵᠢᠯᠯᠠᠭᠰᠠᠳ ᠠᠶᠤᠯᠭᠦᠢ ᠦᠢᠯᠡᠳᠪᠦᠷᠢᠯᠡᠯ ᠤᠨ ᠬᠥᠮᠦᠵᠢᠯ | ᠪᠣᠯᠪᠠᠰᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠢᠬᠦ ᠶᠢᠨ ᠬᠠᠮᠲᠤ ᠬᠢᠨᠠᠨ ᠰᠢᠯᠭᠠᠭᠠᠳ ᠬᠢᠷᠢ ᠲᠡᠩᠴᠡᠭᠰᠡᠨ | ᠪᠠᠶᠢᠬᠤ ᠬᠡᠷᠡᠭᠲᠡᠢ︔ | ︵ᠳᠣᠯᠤᠭ᠎ᠠ︶ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ | ᠪᠠᠷᠢᠯᠭ᠎ᠠ ᠶᠢᠨ ᠲᠤᠬᠠᠶ ᠶᠢᠨ ᠭᠠᠵᠠᠷ ᠲᠤ ᠠᠶᠤᠯᠲᠠᠶ ᠠᠵᠢᠯ ᠬᠢᠵᠦ ᠪᠠᠶᠢᠭ᠎ᠠ ᠬᠥᠮᠦᠰ ᠲᠤ ᠰᠠᠨᠠᠭᠠᠨ ᠳᠤ ᠥᠬᠡᠶ | ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠭᠦᠢᠴᠡᠳᠬᠡᠵᠦ᠂ ᠠᠵᠢᠯᠯᠠᠵᠤ ᠪᠠᠶᠢᠭ᠎ᠠ ᠬᠥᠮᠦᠰ ᠲᠤ ᠳᠠᠭᠠᠳᠬᠠᠯ ᠤᠨ | ᠵᠠᠷᠤᠳᠠᠯ ᠲᠤᠰᠢᠶᠠᠵᠤ ᠥᠭᠭᠦᠨ᠎ᠡ︔ | ︵ᠨᠠᠢᠮᠠ︶ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠤᠨ ᠠᠵᠢᠯᠯᠠᠬᠤ᠂ ᠠᠮᠢᠳᠤᠷᠠᠯ ᠤᠨ ᠲᠣᠭᠤᠷᠢᠭ ᠵᠢᠴᠢ | ᠠᠵᠢᠯᠯᠠᠬᠤ ᠲᠠᠯᠠᠪᠤᠷ ᠪᠣᠯᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠭᠰᠡᠯ᠂ ᠮᠠᠰᠢᠨ ᠲᠥᠬᠦᠭᠡᠷᠦᠮᠵᠢ᠂ | ᠪᠠᠷᠢᠯᠭ᠎ᠠ ᠪᠠᠷᠢᠬᠤ ᠮᠠᠰᠢᠨ ᠪᠠᠭᠠᠵᠢ ᠵᠢᠴᠢ ᠰᠡᠯᠪᠢᠭ ᠲᠣᠨᠤᠭ ᠨᠢ ᠬᠤᠯᠪᠣᠭᠳᠠᠯ ᠪᠦᠬᠦᠢ ᠠᠶᠤᠯᠭᠦᠶ | ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠪᠣᠯᠤᠨ ᠳᠦᠷᠢᠮ ᠤᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠳᠡᠢ︔ | ︵ᠶᠢᠰᠦ︶ ᠠᠵᠢᠯ ᠮᠡᠷᠭᠡᠵᠢᠯ ᠤᠨ ᠬᠤᠤᠷ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠠᠢ ᠪᠥᠭᠡᠳ | ᠠᠵᠢᠯᠯᠠᠵᠤ ᠪᠠᠶᠢᠭ᠎ᠠ ᠬᠥᠮᠦᠰ ᠲᠤ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠭᠰᠡᠨ | ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠭᠰᠡᠯ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠬᠤᠪᠴᠠᠰᠤ ᠬᠤᠨᠠᠷ | ᠲᠣᠬᠢᠷᠠᠭᠤᠯᠵᠤ ᠥᠭᠭᠦᠨ᠎ᠡ︔ | ︵ᠠᠷᠪᠠ︶ ᠠᠶᠤᠯᠲᠠᠶ ᠴᠢᠨᠠᠷ ᠢᠶᠠᠷ ᠨᠡᠯᠢᠶᠡᠳ ᠶᠡᠭᠡ ᠬᠡᠰᠡᠭ ᠬᠤᠪᠢᠶᠠᠭᠰᠠᠨ ᠪᠠᠷᠢᠯᠭ᠎ᠠ ᠵᠢᠴᠢ ᠪᠠᠷᠢᠯᠭ᠎ᠠ ᠶᠢᠨ | ᠲᠤᠬᠠᠶ ᠶᠢᠨ ᠭᠠᠵᠠᠷ ᠲᠤ ᠬᠦᠨᠳᠦ ᠶᠡᠭᠡ ᠠᠳᠡᠯ ᠠᠮᠠᠷᠬᠠᠨ ᠭᠠᠷᠬᠤ ᠬᠡᠰᠡᠭ᠂ ᠵᠠᠩᠭᠢᠯᠠᠭ᠎ᠠ ᠶᠢᠨ ᠤᠷᠢᠳᠴᠢᠯᠠᠨ | ᠰᠡᠷᠭᠡᠶᠢᠯᠡᠬᠦ᠂ ᠬᠢᠨᠠᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ︔ | ︵ᠠᠷᠪᠠᠨ ᠨᠢᠭᠡ︶ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠵᠣᠬᠢᠶᠠᠨ ᠪᠠᠶᠢᠭᠤᠯᠤᠯᠲᠠ ᠪᠤᠶᠤ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯᠲᠠᠨ ᠲᠠᠢ ᠪᠠᠶᠢᠵᠤ᠂ | ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠬᠤᠯᠠ ᠪᠦᠬᠦᠢ ᠪᠠᠭᠠᠵᠢ ᠬᠡᠷᠡᠭᠰᠡᠯ᠂ ᠲᠥᠬᠦᠭᠡᠷᠦᠮᠵᠢ | ᠲᠣᠬᠢᠷᠠᠭᠤᠯᠤᠨ᠎ᠠ︔ | ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃ | ᠨᠠᠢᠮᠠᠳᠤᠭᠠᠷ ᠵᠤᠷᠪᠤᠰ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠨᠢ 3 ᠵᠢᠯ ᠪᠣᠯᠤᠨ᠎ᠠ᠃ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ | ᠬᠦᠴᠦᠨ ᠲᠠᠢ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠠᠵᠤ ᠠᠬᠤᠶᠢᠯᠠᠯ ᠬᠤᠭᠤᠴᠠᠭ᠎ᠠ | ᠳᠠᠭᠤᠰᠬᠤ ᠠᠴᠠ 3 ᠰᠠᠷ᠎ᠠ ᠶᠢᠨ ᠡᠮᠦᠨ᠎ᠡ ᠤᠤᠯ ᠤᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ | ᠣᠯᠭᠤᠭᠰᠠᠨ ᠬᠠᠮᠢᠶᠠᠷᠤᠯᠲᠠ ᠶᠢᠨ ᠪᠠᠶᠢᠭᠤᠯᠤᠯᠭ᠎ᠠ ᠳᠤ ᠬᠤᠭᠤᠴᠠᠭ᠎ᠠ ᠤᠷᠲᠤᠳᠬᠠᠬᠤ ᠭᠠᠷᠳᠠᠮ ᠭᠦᠢᠴᠡᠳᠬᠡᠬᠦ ᠪᠠᠷ | ᠭᠤᠶᠤᠴᠢᠯᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠳ ᠠᠶᠦᠯᠭᠦᠢ | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠪᠤᠰᠤᠳ ᠲᠤ ᠰᠢᠯᠵᠢᠭᠦᠯᠦᠨ ᠥᠭᠬᠦ᠂ ᠬᠠᠭᠤᠷᠮᠠᠭᠯᠠᠨ ᠬᠡᠷᠡᠭᠯᠡᠬᠦ | ᠪᠤᠶᠤ ᠬᠠᠭᠤᠷᠮᠠᠭᠯᠠᠨ ᠵᠣᠬᠢᠶᠠᠭᠰᠠᠨ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠡᠷᠡᠭᠯᠡᠵᠦ | ᠪᠣᠯᠬᠤ ᠦᠭᠡᠶ᠃ | ᠬᠤᠷᠢᠨ ᠬᠤᠶᠠᠳᠤᠭᠠᠷ ᠵᠤᠷᠪᠤᠰ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠤᠭᠰᠠᠨ | ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠳᠤ ᠠᠮᠤᠷ ᠲᠦᠪᠰᠢᠨ ᠤ ᠬᠦᠨᠳᠦ ᠶᠡᠭᠡ ᠠᠳᠡᠯ ᠭᠠᠷᠤᠭᠰᠠᠨ ᠪᠣᠯ | ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠲᠦᠷ ᠦᠯᠡᠳᠡᠭᠡᠨ ᠠᠪᠬᠤ ᠶᠢᠨ ᠬᠠᠮᠲᠤ | ᠬᠤᠭᠤᠴᠠᠭ᠎ᠠ ᠬᠢᠵᠠᠭᠠᠷᠯᠠᠨ ᠴᠡᠭᠴᠡᠯᠡᠨ ᠦᠭᠡᠷᠡᠴᠢᠯᠡᠭᠦᠯᠦᠨᠡ᠃ | ᠬᠤᠷᠢᠨ ᠭᠤᠷᠪᠠᠳᠤᠭᠠᠷ ᠵᠤᠷᠪᠤᠰ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠳ ᠠᠶᠦᠯᠭᠦᠢ | ᠦᠢᠯᠡᠳᠪᠦᠷᠢᠯᠡᠯ ᠤᠨ ᠨᠥᠬᠦᠴᠡᠯ ᠢ ᠳᠠᠬᠢᠵᠤ ᠪᠦᠷᠢᠯᠳᠦᠭᠦᠯᠬᠦ ᠦᠭᠡᠶ ᠪᠣᠯ᠂ ᠠᠶᠦᠯᠭᠦᠢ ᠦᠢᠯᠡᠳᠪᠦᠷᠢᠯᠡᠯ ᠤᠨ | ᠵᠥᠪᠰᠢᠶᠡᠷᠡᠯ ᠤᠨ ᠦᠨᠡᠮᠯᠡᠯ ᠢ ᠨᠢ ᠲᠦᠷ ᠦᠯᠡᠳᠡᠭᠡᠨ ᠠᠪᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ | ᠥᠭᠡᠷᠡᠴᠢᠯᠡᠭᠦᠯᠬᠦ ᠬᠡᠷᠡᠭᠲᠡᠶ︔ ᠪᠠᠶᠢᠳᠠᠯ ᠨᠢ ᠬᠦᠨᠳᠦ ᠨᠣᠴᠢᠲᠠᠶ ᠪᠣᠯ ᠠᠶᠦᠯᠭᠦᠢ ᠦᠢᠯᠡᠳᠪᠦᠷᠢᠯᠡᠯ ᠤᠨ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠵᠤ ᠠᠪᠤᠭᠠᠳ ᠬᠦᠴᠦᠨ ᠦᠭᠡᠶ ᠪᠣᠯᠭᠠᠨ᠎ᠠ᠃ | ᠪᠠᠷᠢᠯᠭ᠎ᠠ ᠶᠢᠨ ᠡᠷᠭᠦᠭᠦᠯ ᠮᠧᠬᠠᠨᠢᠭ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠳᠤᠭᠲᠠᠭᠠᠯ | ᠳᠥᠷᠪᠡᠳᠦᠭᠡᠷ ᠵᠤᠷᠪᠤᠰ ᠲᠦᠷᠢᠶᠡᠰᠦᠯᠡᠭᠦᠯᠬᠦ ᠨᠢᠭᠡᠴᠢ ᠶᠢᠨ ᠲᠦᠷᠢᠶᠡᠰᠦᠯᠡᠭᠦᠯᠦᠭᠰᠡᠨ ᠪᠠᠷᠢᠯᠭ᠎ᠠ ᠶᠢᠨ ᠡᠷᠭᠦᠭᠦᠯ | ᠮᠧᠬᠠᠨᠢᠭ ᠪᠠ ᠬᠡᠷᠡᠭᠯᠡᠬᠦ ᠨᠢᠭᠡᠴᠢ ᠶᠢᠨ ᠬᠤᠳᠠᠯᠳᠤᠨ ᠠᠪᠬᠤ᠂ ᠲᠦᠷᠢᠶᠡᠰᠦᠯᠡᠬᠦ᠂ ᠬᠡᠷᠡᠭᠯᠡᠬᠦ ᠪᠠᠷᠢᠯᠭ᠎ᠠ ᠶᠢᠨ ᠡᠷᠭᠦᠭᠦᠯ | ᠮᠧᠬᠠᠨᠢᠭ ᠳᠤ ᠣᠨᠴᠠ ᠲᠥᠷᠥᠯ ᠤᠨ ᠲᠥᠬᠦᠭᠡᠷᠦᠮᠵᠢ ᠦᠢᠯᠡᠳᠬᠦ ᠵᠥᠪᠰᠢᠶᠡᠷᠡᠯ ᠤᠨ ᠦᠨᠡᠮᠯᠡᠯ᠂ ᠦᠢᠯᠡᠳᠬᠦᠨ ᠤ ᠬᠢᠷᠢ | ᠲᠡᠩᠴᠡᠭᠰᠡᠨ ᠦᠨᠡᠮᠯᠡᠯ᠂ ᠦᠢᠯᠡᠳᠪᠦᠷᠢᠯᠡᠯ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠭᠰᠠᠨ ᠭᠡᠷᠡᠴᠢ ᠪᠠᠶᠢᠬᠤ | ᠬᠡᠷᠡᠭᠲᠡᠶ᠃ | ᠵᠢᠷᠭᠤᠳᠤᠭᠠᠷ ᠵᠤᠷᠪᠤᠰ ᠲᠦᠷᠢᠶᠡᠰᠦᠯᠡᠭᠦᠯᠦᠭᠰᠡᠨ ᠨᠢᠭᠡᠴᠢ ᠨᠢ ᠭᠠᠷ ᠤᠨ ᠥᠰᠥᠭ ᠵᠢᠷᠤᠭᠰᠠᠨ ᠪᠠᠷᠢᠯᠭ᠎ᠠ ᠶᠢᠨ | ᠡᠷᠭᠦᠭᠦᠯ ᠮᠧᠬᠠᠨᠢᠭ ᠲᠦᠷᠢᠶᠡᠰᠦᠯᠡᠬᠦ ᠭᠡᠷ᠎ᠡ ᠳᠣᠲᠣᠷ᠎ᠠ ᠪᠠᠨ ᠬᠤᠶᠠᠷ ᠲᠠᠯ᠎ᠠ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠪᠠᠷᠢᠯᠭ᠎ᠠ ᠶᠢᠨ ᠡᠷᠭᠦᠭᠦᠯ ᠮᠧᠬᠠᠨᠢᠭ ᠤᠨ ᠣᠨᠴᠠ ᠲᠥᠷᠥᠯ ᠤᠨ | ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ ᠦᠢᠯᠡᠳᠬᠦᠨ ᠤ ᠬᠢᠷᠢ | ᠲᠡᠩᠴᠡᠭᠰᠡᠨ ᠦᠨᠡᠮᠯᠡᠯ᠂ ᠦᠢᠯᠡᠳᠪᠦᠷᠢᠯᠡᠯ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠭᠰᠠᠨ ᠭᠡᠷᠡᠴᠢ᠂ | ᠳᠠᠩᠰᠠᠯᠠᠭᠤᠯᠤᠭᠰᠠᠨ ᠭᠡᠷᠡᠴᠢ ᠪᠠ ᠥᠪᠡᠰᠦᠪᠡᠨ ᠪᠠᠶᠢᠴᠠᠭᠠᠵᠤ ᠬᠢᠷᠢ ᠲᠡᠩᠴᠡᠭᠰᠡᠨ ᠭᠡᠷᠡᠴᠢ ᠶᠢ ᠭᠠᠷᠭᠠᠵᠤ᠂ | ᠤᠭᠰᠠᠷᠠᠵᠤ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠢ ᠲᠤᠰᠢᠶᠠᠬᠤ ᠬᠡᠷᠡᠭᠲᠡᠶ᠃ | ᠠᠷᠪᠠᠨ ᠨᠢᠭᠡᠳᠦᠭᠡᠷ ᠵᠤᠷᠪᠤᠰ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠢ ᠬᠡᠷᠡᠭᠯᠡᠬᠦ ᠨᠢᠭᠡᠴᠢ ᠪᠣᠯᠤᠨ | ᠤᠭᠰᠠᠷᠠᠬᠤ ᠨᠢᠭᠡᠴᠢ ᠨᠢ ᠭᠠᠷ ᠤᠨ ᠦᠰᠦᠭ ᠵᠢᠷᠤᠭᠰᠠᠨ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ ᠢ ᠤᠭᠰᠠᠷᠠᠬᠤ᠂ | ᠵᠠᠳᠠᠯᠵᠤ ᠪᠠᠭᠤᠯᠭᠠᠬᠤ ᠭᠡᠷ᠎ᠡ ᠳᠤ ᠬᠤᠶᠠᠷ ᠲᠠᠯ᠎ᠠ ᠶᠢᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠲᠣᠳᠣᠷᠬᠠᠶᠢᠯᠠᠬᠤ ᠬᠡᠷᠡᠭᠲᠡᠶ᠃ | ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ ᠶᠢ ᠬᠡᠷᠡᠭᠵᠢᠭᠦᠯᠦᠭᠰᠡᠨ ᠪᠠᠶᠢᠪᠠᠯ᠂ ᠪᠠᠷᠢᠯᠭ᠎ᠠ ᠪᠠᠷᠢᠬᠤ ᠶᠢ | ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠤᠭᠰᠠᠷᠠᠬᠤ ᠨᠢᠭᠡᠴᠢ ᠯᠦᠭᠡ ᠪᠠᠷᠢᠯᠭ᠎ᠠ ᠶᠢᠨ ᠬᠦᠨᠳᠦ ᠶᠢ ᠡᠷᠭᠦᠬᠦ | ᠮᠧᠬᠠᠨᠢᠭ ᠤᠭᠰᠠᠷᠠᠬᠤ᠂ ᠨᠤᠷᠠᠭᠠᠬᠤ ᠪᠠᠷᠢᠯᠭ᠎ᠠ ᠶᠢᠨ ᠠᠮᠤᠷ ᠲᠦᠪᠰᠢᠨ ᠤ ᠬᠡᠯᠡᠯᠴᠡᠭᠡᠷ ᠤᠨ ᠪᠢᠴᠢᠭ ᠪᠠᠶᠢᠬᠤ ᠬᠡᠷᠡᠭᠲᠡᠢ᠃ | | ᠠᠷᠪᠠᠨ ᠳᠥᠷᠪᠡᠳᠦᠭᠡᠷ ᠵᠤᠷᠪᠤᠰ ᠪᠠᠷᠢᠯᠭ᠎ᠠ ᠶᠢᠨ ᠡᠷᠭᠦᠭᠦᠯ ᠮᠧᠬᠠᠨᠢᠭ ᠢ ᠤᠭᠰᠠᠷᠠᠵᠤ ᠳᠠᠭᠤᠰᠤᠭᠰᠠᠨ ᠤ | ᠳᠠᠷᠠᠭ᠎ᠠ᠂ ᠤᠭᠰᠠᠷᠠᠬᠤ ᠨᠢᠭᠡᠴᠢ ᠨᠢ ᠠᠶᠦᠯᠭᠦᠢ ᠶᠢᠨ ᠮᠡᠷᠭᠡᠵᠢᠯ ᠤᠨ ᠪᠠᠷᠢᠮᠵᠢᠶ᠎ᠠ ᠬᠢᠭᠡᠳ ᠤᠭᠰᠠᠷᠠᠵᠤ ᠬᠡᠷᠡᠭᠯᠡᠬᠦ | ᠲᠣᠳᠣᠷᠬᠠᠶᠢᠯᠠᠯᠲᠠ ᠶᠢᠨ ᠪᠢᠴᠢᠭ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠡᠷᠭᠦᠭᠦᠯ | ᠮᠧᠬᠠᠨᠢᠭ ᠢ ᠥᠪᠡᠷ ᠲᠡᠭᠡᠨ ᠪᠠᠶᠢᠴᠠᠭᠠᠵᠤ᠂ ᠲᠣᠬᠢᠷᠠᠭᠤᠯᠤᠨ ᠲᠤᠷᠰᠢᠬᠤ ᠪᠠ ᠲᠤᠷᠰᠢᠨ ᠠᠵᠢᠯᠯᠠᠭᠤᠯᠬᠤ ᠬᠡᠷᠡᠭᠲᠡᠶ᠃ | ᠥᠪᠡᠰᠦᠪᠡᠨ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠳᠤᠨᠢ ᠥᠪᠡᠰᠦᠪᠡᠨ ᠪᠠᠶᠢᠴᠠᠭᠠᠵᠤ ᠬᠢᠷᠢ ᠲᠡᠩᠴᠡᠭᠰᠡᠨ | ᠭᠡᠷᠡᠴᠢ ᠭᠠᠷᠭᠠᠵᠤ ᠥᠭᠬᠦ ᠶᠢᠨ ᠬᠠᠮᠲᠤ ᠬᠡᠷᠡᠭᠯᠡᠬᠦ ᠨᠢᠭᠡᠴᠢ ᠳᠤ ᠠᠶᠦᠯᠭᠦᠢ ᠬᠡᠷᠡᠭᠯᠡᠬᠦ ᠲᠣᠳᠣᠷᠬᠠᠶᠢᠯᠠᠯᠲᠠ ᠬᠢᠬᠦ ᠬᠡᠷᠡᠭᠲᠡᠶ | ᠃ | ᠠᠷᠪᠠᠨ ᠶᠢᠰᠦᠳᠦᠭᠡᠷ ᠵᠤᠷᠪᠤᠰ ᠬᠡᠷᠡᠭᠯᠡᠵᠦ ᠪᠠᠶᠢᠭ᠎ᠠ ᠨᠢᠭᠡᠴᠢ ᠬᠡᠷᠡᠭᠯᠡᠵᠦ ᠪᠠᠶᠢᠭ᠎ᠠ ᠪᠠᠷᠢᠯᠭ᠎ᠠ ᠶᠢᠨ ᠡᠷᠭᠦᠭᠦᠯ | ᠮᠧᠬᠠᠨᠢᠭ ᠵᠢᠴᠢ ᠠᠶᠦᠯᠭᠦᠢ ᠶᠢᠨ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ᠂ ᠡᠯᠭᠦᠮᠡᠯ ᠪᠠᠭᠠᠵᠢ᠂ ᠳᠡᠭᠡᠰᠦ | ᠬᠡᠷᠡᠭᠰᠡᠯ ᠳᠤ ᠪᠠᠶᠢᠩᠭᠤ ᠶᠢᠨ ᠴᠢᠨᠠᠷᠲᠠᠶ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠬᠠᠮᠠᠭᠠᠯᠠᠬᠤ ᠪᠠ | ᠠᠷᠠᠴᠢᠯᠠᠨ ᠬᠠᠮᠠᠭᠠᠯᠠᠯᠲᠠ ᠬᠢᠬᠦ ᠶᠢᠨ ᠬᠠᠮᠲᠤ ᠰᠠᠶᠢᠲᠤᠷ ᠲᠡᠮᠳᠡᠭᠯᠡᠬᠦ ᠬᠡᠷᠡᠭᠲᠡᠶ᠃ | ᠬᠡᠷᠡᠭᠯᠡᠬᠦ ᠨᠢᠭᠡᠴᠢ ᠨᠢ ᠪᠠᠷᠢᠯᠭ᠎ᠠ ᠶᠢᠨ ᠡᠷᠭᠦᠭᠦᠯ ᠮᠧᠬᠠᠨᠢᠭ ᠤᠨ ᠲᠦᠷᠢᠶᠡᠰᠦᠯᠡᠬᠦ ᠬᠤᠭᠤᠴᠠᠭ᠎ᠠ | ᠳᠠᠭᠤᠰᠤᠭᠰᠠᠨ ᠤ ᠳᠠᠷᠠᠭ᠎ᠠ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠭᠰᠠᠨ᠂ ᠠᠷᠠᠴᠢᠯᠠᠨ ᠬᠠᠮᠠᠭᠠᠯᠠᠭᠰᠠᠨ | ᠲᠡᠮᠳᠡᠭᠯᠡᠯ ᠢᠶᠠᠨ ᠲᠦᠷᠢᠶᠡᠰᠦᠯᠡᠭᠦᠯᠦᠭᠰᠡᠨ ᠨᠢᠭᠡᠴᠢ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ | ᠪᠠᠷᠢᠯᠭ᠎ᠠ ᠶᠢᠨ ᠡᠷᠭᠦᠭᠦᠯ ᠮᠧᠬᠠᠨᠢᠭ ᠲᠦᠷᠢᠶᠡᠰᠦᠯᠡᠬᠦ ᠭᠡᠷ᠎ᠡ ᠨᠢ ᠪᠠᠷᠢᠯᠭ᠎ᠠ ᠶᠢᠨ ᠡᠷᠭᠦᠭᠦᠯ ᠮᠧᠬᠠᠨᠢᠭ ᠢ | ᠪᠠᠶᠢᠴᠠᠭᠠᠬᠤ᠂ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ᠂ ᠪᠣᠯᠵᠣᠨ | ᠲᠣᠭᠲᠠᠭᠰᠠᠨ ᠶᠣᠰᠣᠭᠠᠷ ᠬᠢᠬᠦ ᠬᠡᠷᠡᠭᠲᠡᠶ᠃ | ᠬᠤᠷᠢᠨ ᠲᠠᠪᠤᠳᠤᠭᠠᠷ ᠵᠤᠷᠪᠤᠰ ᠪᠠᠷᠢᠯᠭ᠎ᠠ ᠵᠢᠨᠡᠷᠭᠦᠭᠦᠯ ᠮᠧᠬᠠᠨᠢᠭ ᠢ ᠤᠭᠰᠠᠷᠠᠵᠤ ᠵᠠᠳᠠᠯᠵᠤ ᠪᠠᠭᠤᠯᠭᠠᠬᠤ | ᠠᠵᠢᠯᠴᠢᠨ᠂ ᠡᠷᠭᠦᠭᠦᠯ ᠮᠧᠬᠠᠨᠢᠭ ᠤᠨ ᠳᠣᠬᠢᠶᠠᠨ ᠤ ᠠᠵᠢᠯᠴᠢᠨ᠂ ᠡᠷᠭᠦᠭᠦᠯ ᠮᠧᠬᠠᠨᠢᠭ ᠤᠨ ᠵᠢᠯᠣᠭᠤᠴᠢ ᠵᠡᠷᠭᠡ | ᠣᠨᠴᠠ ᠲᠥᠷᠥᠯ ᠤᠨ ᠠᠵᠢᠯᠯᠠᠭᠰᠠᠳ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ ᠪᠥᠭᠡᠳ ᠣᠨᠴᠠ ᠲᠥᠷᠥᠯ ᠤᠨ ᠠᠵᠢᠯ | ᠬᠢᠬᠦ ᠬᠢᠷᠢ ᠭᠡᠮ ᠤᠨ ᠦᠨᠡᠮᠯᠡᠯ ᠣᠯᠤᠭᠰᠠᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠴᠤ ᠠᠵᠢᠯᠯᠠᠵᠤ ᠪᠣᠯᠤᠨ᠎ᠠ | ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ | ᠠᠵᠢᠯ ᠤᠨ ᠠᠵᠤ ᠠᠬᠤᠶᠢᠯᠠᠯ ᠤᠨ ᠣᠨᠴᠣᠭᠤᠶ ᠠᠵᠢᠯᠯᠠᠭᠰᠠᠳ ᠤᠨ ᠬᠢᠨᠠᠨ ᠰᠢᠯᠭᠠᠯᠲᠠ ᠶᠢ ᠵᠣᠬᠢᠶᠠᠨ ᠪᠠᠶᠢᠭᠤᠯᠤᠨ | ᠶᠠᠪᠤᠭᠳᠠᠭᠤᠯᠬᠤ ᠶᠢ ᠬᠠᠷᠢᠭᠤᠴᠠᠨ᠎ᠠ᠃ | ᠣᠨᠴᠣᠭᠤᠶ ᠠᠵᠢᠯ ᠤᠨ ᠠᠵᠢᠯᠲᠠᠨ ᠤ ᠣᠨᠴᠣᠭᠤᠶ ᠠᠵᠢᠯ ᠤᠨ ᠠᠵᠢᠯᠯᠠᠭᠠᠨ ᠤ ᠬᠢᠷᠢ ᠭᠡᠮ ᠤᠨ ᠦᠨᠡᠮᠯᠡᠯ ᠢ | ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠨᠢᠭᠡᠳᠦᠯᠲᠡᠶ ᠲᠣᠭᠲᠠᠭᠠᠬᠤ ᠬᠡᠷᠡᠭᠲᠡᠶ᠃ | ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ | ᠪᠣᠯᠤᠨ ᠠᠶᠦᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯᠳᠦ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ | ᠬᠤᠶᠠᠳᠤᠭᠠᠷ ᠵᠣᠷᠪᠣᠰ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠭᠡᠷ | ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠪᠠᠷᠢᠯᠭ᠎ᠠ | ᠪᠠᠷᠢᠬᠤ ᠠᠵᠢᠯᠯᠠᠭ᠎ᠠ ᠬᠢᠵᠦ ᠪᠠᠶᠢᠭ᠎ᠠ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠦᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ︾ ᠨᠢ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠬᠤ ᠳᠤ ᠣᠷᠣᠯᠴᠠᠵᠤ᠂ | ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠭᠦᠢᠴᠡᠳᠬᠡᠬᠦ ᠵᠢᠴᠢ ᠠᠶᠦᠯᠭᠦᠢ ᠦᠢᠯᠡᠳᠪᠦᠷᠢᠯᠡᠯ ᠤᠨ ᠬᠢᠨᠠᠨ | ᠬᠠᠮᠢᠶᠠᠷᠤᠯᠲᠠ ᠶᠢ ᠬᠡᠷᠡᠭᠵᠢᠭᠦᠯᠬᠦ ᠳᠤ ᠲᠤᠰ ᠲᠣᠭᠲᠠᠭᠠᠯ ᠳᠤ ᠨᠡᠶᠢᠴᠡᠭᠦᠯᠬᠦ ᠬᠡᠷᠡᠭᠲᠡᠶ᠃ | ᠵᠢᠷᠭᠤᠳᠤᠭᠠᠷ ᠵᠣᠷᠪᠤᠰ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠬᠤ ᠳᠤ ᠣᠷᠣᠯᠴᠠᠬᠤ ᠪᠠᠷ | ᠭᠤᠶᠤᠴᠢᠯᠠᠭᠰᠠᠨ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠨᠢ ᠵᠣᠬᠢᠴᠠᠩᠭᠤᠶ | ᠰᠣᠶᠣᠯ ᠤᠨ ᠬᠢᠷᠢ ᠬᠡᠮᠵᠢᠶ᠎ᠡ᠂ ᠲᠤᠰᠬᠠᠶ ᠮᠡᠷᠭᠡᠵᠢᠯ ᠤᠨ ᠲᠤᠰᠢᠶᠠᠯ ᠤᠨ ᠴᠣᠯᠠ ᠪᠠ ᠠᠶᠦᠯᠭᠦᠢ ᠦᠢᠯᠡᠳᠪᠦᠷᠢᠯᠡᠯ ᠤᠨ | ᠠᠵᠢᠯ ᠤᠨ ᠥᠩᠭᠡᠷᠡᠯᠲᠡ ᠲᠠᠢ ᠪᠠᠶᠢᠵᠤ᠂ ᠠᠵᠤ ᠠᠬᠤᠶᠢᠯᠠᠯ ᠲᠠᠢ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠶᠢᠨ | ᠬᠠᠮᠲᠤ ᠠᠵᠤ ᠠᠬᠤᠶᠢᠯᠠᠯ ᠤᠨ ᠣᠨ ᠤ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠳᠤ ᠬᠢᠷᠢ | ᠲᠡᠩᠴᠡᠭᠰᠡᠨ ᠪᠠᠶᠢᠬᠤ ᠬᠡᠷᠡᠭᠲᠡᠶ᠃ | ᠠᠷᠪᠠᠨ ᠳᠥᠷᠪᠡᠳᠦᠭᠡᠷ ᠵᠣᠷᠪᠤᠰ ᠭᠤᠤᠯ ᠬᠠᠷᠢᠭᠤᠴᠠᠯᠭᠠᠲᠠᠨ ᠨᠢ ᠲᠤᠰ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠬᠠᠷᠢᠭᠤᠴᠠᠵᠤ᠂ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠬᠢᠷᠠᠭᠤᠯᠤᠨ᠂ ᠠᠶᠦᠯᠭᠦᠢ ᠦᠢᠯᠡᠳᠪᠦᠷᠢᠯᠡᠯ ᠤᠨ | ᠲᠤᠰᠬᠠᠶ ᠲᠤᠰᠢᠶᠠᠯᠳᠦ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠠᠶᠦᠯᠭᠦᠢ ᠦᠢᠯᠡᠳᠪᠦᠷᠢᠯᠡᠯ ᠤᠨ | ᠣᠷᠣᠭᠤᠯᠤᠯᠲᠠ ᠶᠢ ᠪᠠᠲᠤᠯᠠᠨ᠂ ᠲᠤᠰ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠬᠢᠨᠠᠨ | ᠪᠠᠶᠢᠴᠠᠭᠠᠵᠤ᠂ ᠠᠶᠦᠯᠭᠦᠢ ᠶᠢᠨ ᠠᠳᠡᠯ ᠤᠨ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠨ᠂ ᠠᠶᠦᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠣᠷᠪᠤᠰ ᠲᠥᠷᠥᠯ ᠵᠦᠢᠯ ᠤᠨ ᠬᠠᠷᠢᠭᠤᠴᠠᠯᠭᠠᠲᠠᠨ ᠨᠢ ᠲᠤᠰ ᠲᠥᠷᠥᠯ ᠵᠦᠢᠯ ᠤᠨ | ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠷᠢᠭᠤᠴᠠᠵᠤ᠂ ᠲᠥᠷᠥᠯ ᠵᠦᠢᠯ ᠤᠨ | ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠲᠥᠷᠥᠯ ᠵᠦᠢᠯ ᠤᠨ | ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠠᠶᠦᠯᠭᠦᠢ | ᠦᠢᠯᠡᠳᠪᠦᠷᠢᠯᠡᠯ ᠤᠨ ᠵᠠᠷᠤᠳᠠᠯ ᠢ ᠪᠦᠲᠦᠮᠵᠢᠲᠡᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠢᠨ ᠨᠢᠭᠡᠳᠦᠭᠡᠷ ᠵᠣᠷᠪᠤᠰ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠨᠢ ᠠᠶᠦᠯᠭᠦᠢ | ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠤᠨ ᠳᠦᠷᠢᠮ ᠪᠠᠶᠢᠭᠤᠯᠵᠤ᠂ ᠣᠨ ᠤ ᠪᠣᠯᠪᠠᠰᠤᠷᠠᠯ ᠤᠨ ᠲᠥᠯᠥᠪᠯᠡᠭᠡ | ᠲᠣᠭᠲᠠᠭᠠᠨ᠂ ᠵᠢᠯ ᠪᠦᠷᠢ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠳᠤ ᠪᠣᠯᠪᠠᠰᠣᠷᠠᠯ | ᠪᠠ ᠬᠢᠨᠠᠨ ᠰᠢᠯᠭᠠᠯᠲᠠ ᠬᠢᠵᠦ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠪᠣᠯ ᠠᠵᠢᠯ ᠤᠨ ᠪᠠᠶᠢᠷᠢ ᠳᠤ | ᠭᠠᠷᠭᠠᠵᠦ ᠪᠣᠯᠬᠤ ᠦᠭᠡᠶ᠃ ᠪᠣᠯᠪᠠᠰᠤᠷᠠᠯ ᠤᠨ ᠪᠠᠶᠢᠳᠠᠯ ᠢ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ | ᠬᠥᠮᠦᠵᠢᠯ ᠪᠣᠯᠪᠠᠨᠰᠤᠷᠠᠯ ᠤᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠶ᠃ | ᠬᠤᠷᠢᠨ ᠳᠣᠯᠣᠳᠤᠭᠠᠷ ᠵᠣᠷᠪᠤᠰ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠨᠢ | ᠬᠤᠯᠪᠣᠭᠳᠠᠯ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ | ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠬᠢᠯᠭᠡᠬᠦ ᠪᠠᠷ ᠭᠤᠶᠤᠴᠢᠯᠠᠪᠠᠯ᠂ ᠬᠢᠨᠠᠨ ᠰᠢᠯᠭᠠᠬᠤ | ᠪᠠᠶᠢᠭᠤᠯᠭ᠎ᠠ ᠨᠢ ᠬᠢᠨᠠᠨ ᠰᠢᠯᠭᠠᠯᠲᠠ ᠬᠢᠬᠦ ᠦᠭᠡᠶ ᠪᠥᠭᠡᠳ ᠰᠡᠷᠡᠮᠵᠢᠯᠡᠯ ᠦᠭᠴᠦ ︽ᠠᠶᠦᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ︾ 1 ᠵᠢᠯ ᠤᠨ ᠳᠣᠲᠣᠷ᠎ᠠ ᠬᠢᠨᠠᠨ ᠰᠢᠯᠭᠠᠯᠲᠠ ᠳᠠᠬᠢᠨ ᠬᠢᠯᠭᠡᠬᠦ ᠪᠠᠷ ᠭᠤᠶᠤᠴᠢᠯᠠᠵᠤ | ᠪᠣᠯᠬᠤ ᠦᠭᠡᠶ᠃ | ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠮᠡᠬᠡᠯᠡᠬᠦ᠂ ᠬᠡᠬᠡᠯᠢ ᠲᠦᠯᠬᠢᠬᠦ ᠵᠡᠷᠭᠡ | ᠵᠦᠢ ᠪᠤᠰᠤ ᠠᠷᠭ᠎ᠠ ᠪᠠᠷᠢᠯ ᠢᠶᠠᠷ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠬᠢᠷᠢ ᠲᠡᠩᠴᠡᠭᠰᠡᠨ | ᠦᠨᠡᠮᠯᠡᠯ ᠢ ᠣᠯᠣᠭᠰᠠᠨ ᠪᠠᠶᠢᠪᠠᠯ᠂ ᠤᠤᠯ ᠤᠨ ᠬᠢᠨᠠᠨ ᠰᠢᠯᠭᠠᠬᠤ ᠪᠠᠶᠢᠭᠤᠯᠭ᠎ᠠ ᠠᠴᠠ ᠠᠶᠦᠯᠭᠦᠢ ᠦᠢᠯᠡᠳᠪᠦᠷᠢᠯᠡᠯ ᠤᠨ | ᠬᠢᠨᠠᠨ ᠰᠢᠯᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠬᠦᠴᠦᠨ ᠦᠭᠡᠢ ᠪᠣᠯᠭᠠᠨ᠎ᠠ᠃ ︽ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ 3 ᠵᠢᠯ ᠤᠨ ᠳᠣᠲᠣᠷ᠎ᠠ ᠬᠢᠨᠠᠨ ᠰᠢᠯᠭᠠᠭᠤᠯᠬᠤ ᠪᠠᠷ ᠳᠠᠬᠢᠵᠤ | ᠭᠤᠶᠤᠴᠢᠯᠠᠵᠤ ᠪᠣᠯᠬᠤ ᠦᠭᠡᠢ᠃ | ᠠᠶᠤᠯᠲᠤ ᠴᠢᠨᠠᠷ ᠬᠠᠷᠢᠴᠠᠩᠭᠤᠢ ᠶᠡᠭᠡ ᠬᠡᠯᠳᠡᠰ ᠲᠦᠷᠦᠯ ᠵᠦᠢᠯ ᠤᠨ ᠠᠶᠦᠯᠭᠦᠢ ᠶᠢᠨ ᠬᠠᠮᠢᠶᠠᠷᠤᠯᠳᠠ ᠶᠢᠨ | ᠲᠣᠭᠲᠠᠭᠠᠯ | ᠲᠠᠪᠤᠳᠤᠭᠠᠷ ᠵᠣᠷᠪᠤᠰ ᠪᠠᠷᠢᠯᠭ᠎ᠠ ᠪᠠᠷᠢᠭᠤᠯᠬᠤ ᠨᠢᠭᠡᠴᠢ ᠨᠢ ᠦᠨᠡᠨ ᠪᠣᠳᠠᠲᠠᠶ᠂ ᠵᠥᠪ ᠣᠨᠣᠪᠴᠢᠲᠠᠶ᠂ ᠪᠦᠷᠢᠨ | ᠪᠦᠲᠦᠨ ᠢᠨᠵᠧᠨᠧᠷᠢᠩ ᠤᠨ ᠭᠠᠵᠠᠷ ᠰᠢᠨᠵᠢᠯᠡᠭᠡᠨ᠂ ᠤᠰᠤᠨ ᠰᠢᠨᠵᠢᠯᠡᠭᠡᠨ ᠪᠣᠯᠤᠨ ᠢᠨᠵᠧᠨᠧᠷᠢᠩ ᠤᠨ ᠡᠷᠭᠢᠨ | ᠲᠣᠭᠤᠷᠢᠨ ᠤ ᠣᠷᠴᠢᠨ ᠲᠣᠭᠤᠷᠢᠨ ᠵᠡᠷᠭᠡ ᠮᠠᠲ᠋ᠧᠷᠢᠶᠠᠯ ᠢ ᠬᠠᠤᠯᠢ ᠶᠣᠰᠣᠭᠠᠷ ᠬᠠᠩᠭᠠᠬᠤ ᠬᠡᠷᠡᠭᠲᠡᠶ᠃ | ᠵᠢᠷᠭᠤᠳᠤᠭᠠᠷ ᠵᠣᠷᠪᠤᠰ ᠬᠠᠶᠢᠨ ᠪᠠᠶᠢᠴᠠᠭᠠᠬᠤ ᠨᠢᠭᠡᠴᠢ ᠪᠠᠷᠢᠯᠭ᠎ᠠ ᠶᠢᠨ ᠪᠤᠳᠠᠳᠤ ᠪᠠᠶᠢᠳᠠᠯ ᠵᠢᠴᠢ ᠪᠠᠷᠢᠯᠭ᠎ᠠ ᠶᠢᠨ | ᠡᠷᠭᠢᠨ ᠲᠣᠭᠤᠷᠢᠨ ᠤ ᠣᠷᠴᠢᠨ ᠲᠣᠭᠤᠷᠢᠨ ᠤ ᠮᠠᠲ᠋ᠧᠷᠢᠶᠠᠯ ᠢ ᠦᠨᠳᠦᠰᠦᠯᠡᠨ᠂ ᠬᠠᠶᠢᠨ ᠪᠠᠶᠢᠴᠠᠭᠠᠭᠰᠠᠨ ᠪᠢᠴᠢᠭ | ᠮᠠᠲ᠋ᠧᠷᠢᠶᠠᠯ ᠳᠤ ᠪᠠᠨ ᠭᠠᠵᠠᠷ ᠰᠢᠨᠵᠢᠯᠡᠭᠡᠨ ᠤ ᠨᠥᠬᠦᠴᠡᠯ ᠤᠨ ᠪᠣᠯᠵᠤ ᠮᠡᠳᠡᠬᠦ ᠢᠨᠵᠧᠨᠧᠷᠢᠩ ᠤᠨ ᠲᠦᠭᠰᠢᠭᠦᠷᠢ ᠶᠢ | ᠲᠣᠳᠣᠷᠬᠠᠶᠢᠯᠠᠬᠤ ᠬᠡᠷᠡᠭᠲᠡᠶ᠃ | ᠵᠢᠷᠤᠭ ᠲᠥᠯᠥᠪᠯᠡᠭᠡ ᠬᠢᠳᠡᠭ ᠨᠢᠭᠡᠴᠢ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠤ ᠪᠠᠨ ᠠᠶᠤᠯ ᠲᠠᠢ | ᠲᠣᠮᠣ ᠢᠨᠵᠧᠨᠧᠷᠢᠩ ᠤᠨ ᠭᠤᠤᠯᠳᠠᠯᠭ᠎ᠠ ᠲᠠᠢ ᠣᠷᠣᠨ ᠪᠠᠶᠢᠷᠢ ᠪᠣᠯᠤᠨ ᠵᠠᠩᠭᠢᠯᠠᠭ᠎ᠠ ᠶᠢ ᠲᠣᠳᠣᠷᠬᠠᠶᠢᠯᠠᠵᠤ᠂ | ᠪᠠᠷᠢᠯᠭ᠎ᠠ ᠶᠢᠨ ᠡᠷᠭᠢᠨ ᠲᠣᠭᠤᠷᠢᠨ ᠤ ᠠᠮᠤᠷ ᠲᠦᠪᠰᠢᠨ ᠪᠣᠯᠤᠨ ᠪᠠᠷᠢᠯᠭ᠎ᠠ ᠶᠢᠨ ᠠᠵᠢᠯ ᠤᠨ ᠠᠶᠦᠯᠭᠦᠢ ᠶᠢ ᠪᠠᠲᠤᠯᠠᠬᠤ | ᠰᠠᠨᠠᠯ ᠢᠶᠠᠨ ᠳᠤᠷᠠᠳᠴᠤ᠂ ᠴᠢᠬᠤᠯᠠ ᠲᠠᠢ ᠦᠶ᠎ᠡ ᠳᠤ ᠲᠤᠰᠬᠠᠶ ᠵᠦᠢᠯ ᠤᠨ ᠵᠢᠷᠤᠭ ᠲᠥᠯᠥᠪᠯᠡᠭᠡ ᠬᠢᠬᠦ ᠬᠡᠷᠡᠭᠲᠡᠶ᠃ | ᠳᠣᠯᠣᠳᠤᠭᠠᠷ ᠵᠣᠷᠪᠤᠰ ᠪᠠᠷᠢᠯᠭ᠎ᠠ ᠪᠠᠷᠢᠭᠤᠯᠬᠤ ᠨᠢᠭᠡᠴᠢ ᠨᠢ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ | ᠵᠡᠷᠭᠡ ᠨᠢᠭᠡᠴᠢ ᠶᠢ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ ᠳᠠᠭᠠᠭᠠᠴᠢᠯᠠᠯᠲᠠ ᠶᠢᠨ ᠵᠠᠷᠯᠠᠯ ᠤᠨ ᠮᠠᠲ᠋ᠧᠷᠢᠶᠠᠯ ᠳᠤ ᠪᠠᠨ | ᠠᠶᠤᠯ ᠲᠠᠢ ᠲᠣᠮᠣ ᠪᠠᠷᠢᠯᠭ᠎ᠠ ᠶᠢᠨ ᠨᠠᠷᠢᠨ ᠳᠠᠩᠰᠠ ᠶᠢ ᠵᠢᠭᠰᠠᠭᠠᠨ ᠭᠠᠷᠭᠠᠵᠤ᠂ ᠪᠠᠷᠢᠯᠭ᠎ᠠ ᠪᠠᠷᠢᠬᠤ ᠨᠢᠭᠡᠴᠢ ᠶᠢ | ᠳᠠᠭᠠᠭᠠᠴᠢᠯᠠᠯᠲᠠ ᠬᠦᠯᠢᠶᠡᠬᠦ ᠳᠤ ᠪᠠᠨ ᠠᠶᠤᠯ ᠲᠠᠢ ᠲᠣᠮᠣ ᠪᠠᠷᠢᠯᠭ᠎ᠠ ᠶᠢᠨ ᠨᠠᠷᠢᠨ ᠳᠠᠩᠰᠠ ᠶᠢ ᠨᠥᠬᠦᠪᠥᠷᠢᠯᠡᠨ | ᠲᠡᠭᠦᠯᠳᠡᠷᠵᠢᠭᠦᠯᠬᠦ ᠶᠢᠨ ᠬᠠᠮᠲᠤ ᠠᠶᠦᠯᠭᠦᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠵᠣᠬᠢᠴᠠᠩᠭᠤᠢ ᠲᠣᠳᠣᠷᠬᠠᠶᠢᠯᠠᠬᠤ | ᠬᠡᠷᠡᠭᠲᠡᠶ᠃ | ᠠᠷᠪᠠᠳᠤᠭᠠᠷ ᠵᠣᠷᠪᠤᠰ ᠪᠠᠷᠢᠯᠭ᠎ᠠ ᠪᠠᠷᠢᠬᠤ ᠨᠢᠭᠡᠴᠢ ᠨᠢ ᠠᠶᠤᠯ ᠲᠠᠢ ᠶᠡᠭᠡ ᠪᠠᠷᠢᠯᠭ᠎ᠠ ᠶᠢ ᠪᠠᠷᠢᠬᠤ ᠠᠴᠠ | ᠡᠮᠦᠨ᠎ᠡ ᠮᠡᠷᠭᠡᠵᠢᠯ ᠤᠨ ᠠᠵᠢᠯᠲᠠᠨ ᠤ ᠣᠷᠣᠨ ᠲᠤᠭ᠎ᠠ ᠶᠢᠨ ᠲᠤᠰᠬᠠᠶ ᠵᠦᠢᠯ ᠤᠨ ᠪᠠᠷᠢᠯᠭ᠎ᠠ ᠪᠠᠷᠢᠬᠤ ᠲᠥᠰᠦᠯ ᠢ | ᠵᠣᠬᠢᠶᠠᠨ ᠪᠠᠶᠢᠭᠤᠯᠬᠤ ᠬᠡᠷᠡᠭᠲᠡᠶ᠃ | ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ ᠶᠢ ᠬᠡᠷᠡᠭᠵᠢᠭᠦᠯᠦᠭᠰᠡᠨ ᠪᠠᠶᠢᠪᠠᠯ᠂ ᠲᠤᠰᠬᠠᠶ ᠵᠦᠢᠯ ᠤᠨ | ᠪᠠᠷᠢᠯᠭ᠎ᠠ ᠪᠠᠷᠢᠬᠤ ᠲᠥᠰᠦᠯ ᠢ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠵᠣᠬᠢᠶᠠᠨ | ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠲᠣᠮᠣ ᠢᠨᠵᠧᠨᠧᠷᠢᠩ ᠳᠤ ᠬᠤᠪᠢᠶᠠᠨ ᠳᠠᠭᠠᠭᠠᠴᠢᠯᠠᠭᠤᠯᠬᠤ ᠶᠢ | ᠬᠡᠷᠡᠭᠵᠢᠭᠦᠯᠦᠭᠰᠡᠨ ᠪᠠᠶᠢᠪᠠᠯ᠂ ᠲᠤᠰᠬᠠᠶ ᠵᠦᠢᠯ ᠤᠨ ᠪᠠᠷᠢᠯᠭ᠎ᠠ ᠪᠠᠷᠢᠬᠤ ᠲᠥᠰᠦᠯ ᠢ ᠬᠠᠮᠢᠶ᠎ᠠ ᠪᠥᠬᠦᠶ ᠲᠤᠰᠬᠠᠶ | ᠮᠡᠷᠭᠡᠵᠢᠯ ᠤᠨ ᠬᠤᠪᠢᠶᠠᠨ ᠳᠠᠭᠠᠭᠠᠴᠢᠯᠠᠭᠰᠠᠨ ᠨᠢᠭᠡᠴᠢ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ | ᠪᠣᠯᠤᠨ᠎ᠠ᠃ | ᠠᠷᠪᠠᠨ ᠳᠥᠷᠪᠡᠳᠦᠭᠡᠷ ᠵᠣᠷᠪᠤᠰ ᠪᠠᠷᠢᠯᠭ᠎ᠠ ᠪᠠᠷᠢᠬᠤ ᠨᠢᠭᠡᠴᠢ ᠨᠢ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠤᠨ | ᠢᠯᠡᠷᠬᠡᠶ ᠣᠷᠣᠨ ᠪᠠᠶᠢᠷᠢ ᠳᠤ ᠠᠶᠤᠯ ᠲᠠᠢ ᠶᠡᠭᠡ ᠪᠠᠷᠢᠯᠭ᠎ᠠ ᠶᠢᠨ ᠨᠡᠷᠡᠶᠢᠳᠦᠯ᠂ ᠪᠠᠷᠢᠯᠭ᠎ᠠ ᠪᠠᠷᠢᠬᠤ ᠴᠠᠭ ᠪᠣᠯᠤᠨ | ᠪᠣᠳᠠᠲᠠᠶ ᠬᠠᠷᠢᠭᠤᠴᠠᠯᠭ᠎ᠠ ᠡᠭᠦᠷᠭᠡᠯᠡᠭᠴᠢ ᠶᠢ ᠵᠠᠷᠯᠠᠨ ᠨᠡᠶᠢᠲᠡᠯᠡᠬᠦ ᠶᠢᠨ ᠬᠠᠮᠲᠤ ᠠᠶᠤᠯ ᠲᠠᠢ ᠣᠷᠣᠨ ᠳᠤ ᠠᠶᠦᠯᠭᠦᠢ ᠶᠢ | ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠬᠡᠷᠡᠭᠲᠡᠶ᠃ | ᠠᠷᠪᠠᠨ ᠨᠠᠢᠮᠠᠳᠤᠭᠠᠷ ᠵᠣᠷᠪᠤᠰ ᠬᠢᠨᠠᠨ ᠬᠠᠮᠢᠶᠠᠷᠤᠯᠳᠠ ᠶᠢᠨ ᠨᠢᠭᠡᠴᠢ ᠨᠢ ᠠᠶᠤᠯ ᠲᠠᠢ ᠲᠣᠮᠣ | ᠢᠨᠵᠧᠨᠧᠷᠢᠩ ᠤᠨ ᠲᠤᠰᠬᠠᠶ ᠵᠦᠢᠯ ᠤᠨ ᠪᠠᠷᠢᠯᠭ᠎ᠠ ᠪᠠᠷᠢᠬᠤ ᠲᠥᠰᠦᠯ ᠲᠠᠢ ᠤᠶᠠᠯᠳᠤᠭᠤᠯᠤᠨ ᠬᠢᠨᠠᠨ | ᠬᠠᠮᠢᠶᠠᠷᠤᠯᠳᠠ ᠳᠤ ᠬᠡᠷᠡᠭᠵᠢᠭᠦᠯᠬᠦ ᠨᠠᠷᠢᠨ ᠳᠦᠷᠢᠮ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠠᠶᠤᠯ ᠲᠠᠢ ᠲᠣᠮᠣ | ᠢᠨᠵᠧᠨᠧᠷᠢᠩ ᠤᠨ ᠪᠠᠷᠢᠯᠭ᠎ᠠ ᠪᠠᠷᠢᠬᠤ ᠳᠤ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠬᠢᠬᠦ ᠶᠢ ᠬᠡᠷᠡᠭᠵᠢᠭᠦᠯᠬᠦ | ᠬᠡᠷᠡᠭᠲᠡᠶ᠃ | ᠬᠤᠷᠢᠳᠤᠭᠠᠷ ᠵᠣᠷᠪᠤᠰ ᠲᠣᠭᠲᠠᠭᠠᠯ ᠶᠣᠰᠣᠭᠠᠷ ᠭᠤᠷᠪᠠᠳᠠᠬᠢ ᠡᠲᠡᠭᠡᠳ ᠤᠨ ᠬᠢᠨᠠᠨ ᠬᠡᠮᠵᠢᠯᠲᠡ ᠬᠢᠬᠦ | ᠴᠢᠬᠤᠯᠠᠲᠠᠶ ᠠᠶᠤᠯ ᠲᠠᠢ ᠲᠣᠮᠣ ᠪᠠᠷᠢᠯᠭ᠎ᠠ ᠳᠤ ᠪᠠᠷᠢᠭᠤᠯᠬᠤ ᠨᠢᠭᠡᠴᠢ ᠨᠢ ᠵᠣᠬᠢᠴᠠᠩᠭᠤᠶ ᠬᠠᠶᠢᠨ ᠪᠠᠶᠢᠴᠠᠭᠠᠬᠤ ᠬᠢᠷᠢ | ᠴᠢᠳᠠᠮᠵᠢ ᠲᠠᠢ ᠨᠢᠭᠡᠴᠢ ᠳᠤ ᠨᠠᠶᠢᠳᠠᠵᠤ ᠬᠢᠨᠠᠨ ᠬᠡᠮᠵᠢᠯᠲᠡ ᠬᠢᠯᠭᠡᠬᠦ ᠬᠡᠷᠡᠭᠲᠡᠶ᠃ | ᠬᠢᠨᠠᠨ ᠬᠡᠮᠵᠢᠬᠦ ᠨᠢᠭᠡᠴᠢ ᠬᠢᠨᠠᠨ ᠬᠡᠮᠵᠢᠬᠦ ᠲᠥᠰᠥᠯ ᠵᠣᠬᠢᠶᠠᠪᠠᠯ ᠵᠣᠬᠢᠨ᠎ᠠ᠃ ᠬᠢᠨᠠᠨ ᠰᠢᠨᠵᠢᠬᠦ ᠲᠦᠰᠦᠯ ᠢ | ᠬᠢᠨᠠᠨ ᠰᠢᠨᠵᠢᠬᠦ ᠨᠢᠭᠡᠴᠢ ᠶᠢᠨ ᠮᠡᠷᠭᠡᠵᠢᠯ ᠤᠨ ᠬᠠᠷᠢᠭᠤᠴᠠᠯᠭᠠᠲᠠᠨ ᠠᠴᠠ ᠬᠢᠨᠠᠨ ᠬᠠᠷᠭᠤᠭᠤᠯᠵᠤ ᠭᠠᠷ ᠤᠨ ᠦᠰᠦᠭ | ᠵᠢᠷᠤᠬᠤ ᠶᠢᠨ ᠬᠠᠮᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ᠂ ᠬᠢᠨᠠᠨ ᠬᠠᠮᠢᠶᠠᠷᠬᠤ ᠨᠢᠭᠡᠴᠢ ᠳᠤ | ᠮᠡᠳᠡᠭᠦᠯᠦᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ | ᠬᠢᠨᠠᠨ ᠰᠢᠨᠵᠢᠬᠦ ᠨᠢᠭᠡᠴᠢ ᠨᠦᠭᠦᠳ ᠬᠢᠨᠠᠨ ᠰᠢᠨᠵᠢᠬᠦ ᠲᠥᠰᠦᠯ ᠤᠨ ᠶᠣᠰᠣᠭᠠᠷ ᠬᠢᠨᠠᠨ ᠰᠢᠨᠵᠢᠬᠦ ᠠᠵᠢᠯ | ᠥᠷᠨᠢᠭᠦᠯᠵᠦ᠂ ᠪᠠᠷᠢᠯᠭ᠎ᠠ ᠪᠠᠶᠢᠭᠤᠯᠬᠤ ᠨᠢᠭᠡᠴᠢ ᠳᠤ ᠬᠢᠨᠠᠨ ᠰᠢᠨᠵᠢᠭᠰᠡᠨ ᠦᠷ᠎ᠡ ᠪᠦᠲᠦᠭᠡᠯ ᠢᠶᠠᠨ ᠴᠠᠭ ᠲᠤᠬᠠᠶ ᠳᠤ ᠨᠢ | ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠨᠵᠢᠭᠰᠡᠨ ᠦᠷ᠎ᠡ ᠪᠦᠲᠦᠭᠡᠯ ᠳᠤ ᠪᠠᠨ ᠬᠠᠷᠢᠭᠤᠴᠠᠬᠤ ᠬᠡᠷᠡᠭᠲᠡᠶ᠃ | ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤ ᠨᠢ ᠪᠦᠲᠦᠭᠡᠨ ᠪᠠᠶᠢᠭᠤᠯᠬᠤ᠂ ᠵᠢᠷᠤᠵᠤ ᠲᠥᠯᠥᠪᠯᠡᠬᠦ | ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠳᠤ ᠮᠡᠳᠡᠭᠦᠯᠵᠦ᠂ ᠪᠠᠷᠢᠯᠭ᠎ᠠ ᠪᠠᠶᠢᠭᠤᠯᠬᠤ ᠨᠢᠭᠡᠴᠢ ᠨᠢ ᠳᠠᠷᠤᠶ | ᠲᠦᠷᠭᠡᠨ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠬᠤᠷᠢᠨ ᠬᠤᠶᠠᠳᠤᠭᠠᠷ ᠵᠣᠷᠪᠤᠰ ᠠᠶᠤᠯ ᠲᠠᠢ ᠶᠡᠭᠡ ᠪᠠᠷᠢᠯᠭ᠎ᠠ ᠶᠢᠨ ᠠᠶᠤᠯ ᠲᠦᠭᠰᠢᠭᠦᠷᠢᠲᠦ ᠪᠠᠶᠢᠳᠠᠯ ᠪᠤᠶᠤ | ᠠᠳᠡᠯ ᠭᠠᠷᠪᠠᠯ᠂ ᠪᠠᠷᠢᠯᠭ᠎ᠠ ᠪᠠᠶᠢᠭᠤᠯᠬᠤ ᠨᠢᠭᠡᠴᠢ ᠨᠢ ᠳᠠᠷᠤᠶ ᠲᠦᠷᠭᠡᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠷᠢᠯᠭ᠎ᠠ ᠶᠢᠨ ᠭᠠᠵᠠᠷ ᠤᠨ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ | ᠃ ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ ᠵᠡᠷᠭᠡ | ᠨᠢᠭᠡᠴᠢ ᠨᠦᠭᠦᠳ ᠪᠠᠷᠢᠯᠭ᠎ᠠ ᠪᠠᠷᠢᠬᠤ ᠨᠢᠭᠡᠴᠢ ᠶᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠬᠤ ᠠᠵᠢᠯ ᠢ ᠥᠷᠨᠢᠭᠦᠯᠬᠦ ᠬᠡᠷᠡᠭᠲᠡᠶ᠃ | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ | |