ᠲᠣᠭᠲᠠᠬᠤ ᠰᠢᠶᠠᠨ᠄ ︽ᠭᠤᠷᠪᠠ ᠶᠢ ᠬᠠᠷᠢᠯᠴᠠᠨ ᠨᠡᠮᠡᠬᠦ︾ ᠪᠠᠷ ᠪᠣᠳᠠᠲᠤ ᠠᠮᠵᠢᠯᠲᠠ ᠶᠢᠨ ᠬᠢᠨᠠᠨ ᠰᠢᠯᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/6/29
      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠦᠨᠡᠯᠡᠬᠦ ᠰᠢᠰᠲ᠋ᠧᠮ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠣᠬᠢᠷᠠᠭᠤᠯᠵᠤ᠂ ᠬᠢᠨᠠᠨ ᠰᠢᠯᠭᠠᠬᠤ ᠠᠷᠭ᠎ᠠ ᠬᠡᠯᠪᠡᠷᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠠᠵᠢᠯ ᠤᠨ ᠬᠠᠨᠳᠤᠯᠭᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠬᠢᠨᠠᠨ ᠰᠢᠯᠭᠠᠬᠤ ᠰᠢᠰᠲ᠋ᠧᠮ ᠢ ᠪᠠᠶᠢᠭᠤᠯᠵᠤ᠂ ᠺᠠᠳ᠋ᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠡᠢ᠃      ᠨᠡᠶᠢᠲᠡᠯᠢᠭ ᠴᠢᠨᠠᠷ ᠤᠨ ᠭᠦᠢᠴᠡᠳᠬᠡᠯ ᠲᠤᠭ᠎ᠠ + ᠥᠪᠡᠷᠮᠢᠴᠡ ᠴᠢᠨᠠᠷ ᠤᠨ ᠭᠦᠢᠴᠡᠳᠬᠡᠯ ᠲᠤᠭ᠎ᠠ᠂ ᠬᠢᠨᠠᠨ ᠰᠢᠯᠭᠠᠬᠤ ᠠᠭᠤᠯᠭ᠎ᠠ ᠶᠢ ᠨᠠᠷᠢᠨ ᠨᠢᠭᠲᠠ ᠪᠣᠯᠭᠠᠨ᠎ᠠ᠃ ᠰᠢᠯᠭᠠᠨ ᠬᠢᠨᠠᠬᠤ ᠭᠦᠢᠴᠡᠳᠬᠡᠯ ᠲᠤᠭ᠎ᠠ ᠨᠢ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠢ ᠬᠠᠷᠢᠯᠴᠠᠨ ᠤᠶᠠᠯᠳᠤᠭᠤᠯᠵᠤ᠂ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠨᠡᠶᠢᠲᠡᠴᠢ ᠴᠢᠨᠠᠷᠲᠠᠢ ᠭᠦᠢᠴᠡᠳᠬᠡᠯ ᠲᠤᠭ᠎ᠠ ᠨᠢ ᠭᠤᠣᠯᠳᠠᠭᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠪᠣᠯᠣᠨ ᠨᠡᠶᠢᠲᠡᠴᠢ ᠴᠢᠨᠠᠷᠲᠠᠢ ᠠᠵᠢᠯ ᠤᠨ ᠭᠦᠢᠴᠡᠳᠬᠡᠯ ᠲᠤᠭ᠎ᠠ ᠪᠠᠷ ᠪᠦᠷᠢᠯᠳᠦᠪᠡ︔ ᠥᠪᠡᠷᠮᠢᠴᠡ ᠴᠢᠨᠠᠷ ᠤᠨ ᠭᠦᠢᠴᠡᠳᠬᠡᠯ ᠲᠤᠭ᠎ᠠ ᠶᠢ ᠭᠤᠣᠯᠳᠠᠭᠤ ᠰᠢᠯᠭᠠᠨ ᠬᠢᠨᠠᠭᠳᠠᠬᠤ ᠡᠲᠡᠭᠡᠳ ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ ︽ᠪᠡᠶ᠎ᠡ ᠶᠢᠨ ᠪᠠᠶᠢᠳᠠᠯ ᠳᠤᠨᠢ ᠵᠣᠬᠢᠴᠠᠭᠤᠯᠤᠨ ᠲᠣᠭᠲᠠᠭᠠᠵᠤ᠂ ᠨᠢᠭᠡ ᠪᠠᠭ ᠨᠢᠭᠡ ︽ᠰᠢᠯᠭᠠᠯᠲᠠ ᠶᠢᠨ ᠬᠠᠭᠤᠳᠠᠰᠤ︾ ᠶᠢ ᠬᠡᠷᠡᠭᠵᠢᠭᠦᠯᠦᠨ᠂ ᠰᠢᠶᠠᠩ ᠪᠠᠯᠭᠠᠰᠤᠨ ᠤ ᠡᠬᠢ ᠪᠠᠶᠠᠯᠢᠭ ᠤᠨ ᠲᠥᠷᠥᠯᠬᠢ ᠠᠪᠢᠶᠠᠰ᠂ ᠣᠨᠴᠠᠯᠢᠭᠲᠤ ᠠᠵᠤ ᠦᠢᠯᠡᠰ ᠤᠨ ᠳᠠᠪᠠᠭᠤᠯᠢᠭ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠶᠢ ᠦᠨᠳᠦᠰᠦᠯᠡᠨ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠲᠣᠰ ᠲᠣᠰ ᠤᠨ ᠪᠣᠳᠠᠲᠠᠢ ᠡᠭᠦᠷᠭᠡ ᠴᠢᠳᠠᠪᠤᠷᠢ ᠪᠠᠨ ᠦᠨᠳᠦᠰᠦᠯᠡᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠵᠦᠷᠢᠶᠡᠴᠢᠯᠡᠨ ᠨᠠᠷᠢᠯᠢᠭ ᠣᠨᠣᠴᠠᠲᠠᠢ ᠪᠠᠷ ᠲᠣᠬᠢᠷᠠᠭᠤᠯᠵᠤ᠂ ᠰᠢᠯᠭᠠᠨ ᠬᠢᠨᠠᠬᠤ ᠶᠢᠨ ᠨᠠᠷᠢᠯᠢᠭ ᠣᠨᠣᠴᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃      ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ + ᠲᠤᠰᠬᠠᠢ ᠵᠦᠢᠯ ᠢᠶᠠᠷ ᠬᠢᠨᠠᠨ ᠰᠢᠯᠭᠠᠵᠤ᠂ ᠬᠢᠨᠠᠨ ᠰᠢᠯᠭᠠᠬᠤ ᠠᠷᠭ᠎ᠠ ᠶᠢ ᠰᠠᠶᠢᠵᠢᠷᠠᠭᠤᠯᠤᠨ᠎ᠠ᠃ ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ᠂ ᠲᠤᠰᠬᠠᠢ ᠵᠦᠢᠯ ᠢᠶᠠᠷ ᠬᠢᠨᠠᠨ ᠰᠢᠯᠭᠠᠬᠤ ᠵᠡᠷᠭᠡ ᠠᠷᠭ᠎ᠠ ᠶᠢ ᠰᠠᠶᠢᠲᠤᠷ ᠬᠡᠷᠡᠭᠯᠡᠵᠦ᠂ ᠬᠢᠨᠠᠨ ᠰᠢᠯᠭᠠᠬᠤ ᠶᠢᠨ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠪᠠᠶᠢᠩᠭᠤᠵᠢᠭᠤᠯᠤᠨ ᠪᠠᠳᠠᠷᠠᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢᠨ ᠡᠳᠦᠷ ᠲᠤᠲᠤᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ᠂ ᠡᠯ᠎ᠡ ᠬᠢᠨᠠᠨ ᠡᠵᠡᠮᠳᠡᠬᠦ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠬᠢᠨᠠᠨ ᠬᠡᠮᠵᠢᠬᠦ ᠶᠢ ᠥᠷᠨᠢᠭᠦᠯᠵᠦ᠂ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠴᠠᠭ ᠲᠤᠨᠢ ᠲᠣᠬᠢᠷᠠᠭᠤᠯᠤᠨ ᠰᠢᠮᠳᠠᠭᠤᠯᠤᠨ ᠬᠠᠷᠢᠭᠤ ᠲᠤᠰᠬᠠᠵᠤ᠂ ᠭᠦᠢᠴᠡᠳᠬᠡᠯ ᠲᠤᠭ᠎ᠠ ᠶᠢ ᠬᠢᠨᠠᠨ ᠡᠵᠡᠮᠳᠡᠭᠰᠡᠨ ᠪᠠᠶᠢᠳᠠᠯ ᠢ ᠵᠣᠬᠢᠬᠤ ᠬᠠᠷᠢᠴᠠᠯ ᠢᠶᠠᠷ ᠵᠢᠯ ᠤᠨ ᠡᠴᠦᠰ ᠤᠨ ᠬᠢᠨᠠᠨ ᠰᠢᠯᠭᠠᠭᠰᠠᠨ ᠦᠷ᠎ᠡ ᠳ᠋ᠦᠩ ᠳᠤ  ᠤᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾᠂ ᠰᠢᠶᠠᠨ ᠤ ᠨᠠᠮ ᠤᠨ ᠬᠤᠷᠢᠶ᠎ᠠ ᠶᠢᠨ ︽ᠠᠷᠪᠠᠨ ᠶᠡᠭᠡ ᠭᠤᠣᠯᠳᠠᠯᠭ᠎ᠠ ᠲᠠᠢ ᠠᠵᠢᠯ︾ ᠵᠡᠷᠭᠡ ᠭᠤᠣᠯ ᠠᠵᠢᠯ ᠪᠠ ᠴᠢᠬᠤᠯᠠ ᠶᠡᠭᠡ ᠭᠡᠨᠡᠳᠲᠡ ᠶᠢᠨ ᠬᠡᠷᠡᠭ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ︾ ᠲᠤᠰᠬᠠᠢ ᠵᠦᠢᠯ ᠤᠨ ᠰᠢᠯᠭᠠᠨ ᠬᠢᠨᠠᠬᠤ ᠶᠢ ᠥᠷᠨᠢᠭᠦᠯᠵᠦ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠶᠠᠷᠢᠯᠴᠠᠨ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃      ᠣᠨ ᠤ ᠬᠢᠨᠠᠨ ᠰᠢᠯᠭᠠᠯᠲᠠ + ᠡᠩ ᠤᠨ ᠦᠶ᠎ᠡ ᠶᠢᠨ ᠬᠢᠨᠠᠨ ᠰᠢᠯᠭᠠᠯᠲᠠ ᠳᠤ᠂ ᠬᠢᠨᠠᠨ ᠰᠢᠯᠭᠠᠬᠤ ᠭᠤᠣᠯᠳᠠᠯᠭ᠎ᠠ ᠶᠢ ᠲᠤᠪᠤᠶᠢᠯᠭᠠᠨ᠎ᠠ᠃ ᠣᠨ ᠤ ᠰᠢᠯᠭᠠᠨ ᠬᠢᠨᠠᠬᠤ ᠳᠤ ︽ᠵᠠᠰᠠᠭ ᠤᠨ ᠠᠵᠢᠯ ᠤᠨ ᠪᠦᠲᠦᠮᠵᠢ︾ ᠪᠠᠷ ᠭᠤᠣᠯᠳᠠᠯᠭ᠎ᠠ ᠪᠣᠯᠭᠠᠵᠤ᠂ ︽ᠰᠢᠯᠭᠠᠯᠲᠠ ᠶᠢᠨ ᠶᠠᠪᠤᠳᠠᠯ︾ ᠢ ᠲᠣᠪᠤᠶᠢᠯᠭᠠᠨ᠂ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠ ᠦᠢᠯᠡᠴᠢᠯᠡᠬᠦ ᠪᠠᠷ ᠭᠤᠣᠯᠯᠠᠭᠤᠯᠤᠨ᠂ ᠢᠯᠠᠩᠭᠤᠶ᠎ᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠲᠦᠭᠡᠨ ᠪᠠᠶᠢᠭᠤᠯᠬᠤ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠰᠢᠯᠭᠠᠨ ᠬᠢᠨᠠᠬᠤ ᠶᠢ ᠳᠣᠪᠤᠶᠢᠯᠭᠠᠨ᠎ᠠ᠃ ᠡᠩ ᠤᠨ ᠦᠶ᠎ᠡ ᠶᠢᠨ ᠬᠢᠨᠠᠨ ᠰᠢᠯᠭᠠᠯᠲᠠ ᠳᠤ ︽ᠮᠣᠷᠠᠯ ᠴᠢᠳᠠᠪᠤᠷᠢ︾ ᠪᠠᠷ ᠭᠤᠣᠯᠳᠠᠯᠭ᠎ᠠ ᠪᠣᠯᠭᠠᠵᠤ᠂ ︽ᠬᠥᠮᠥᠨ ᠰᠢᠯᠭᠠᠬᠤ︾ ᠶᠢ ᠲᠣᠪᠤᠶᠢᠯᠭᠠᠨ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠵᠢᠩᠬᠢᠨᠢ ᠲᠤᠰᠢᠶᠠᠯ ᠤᠨ ᠭᠤᠣᠯᠳᠠᠯᠭ᠎ᠠ ᠪᠠᠨ ᠠᠷᠠᠳᠴᠢᠯᠠᠯ ᠲᠥᠪᠯᠡᠷᠡᠯ ᠤᠨ ᠶᠣᠰᠣ᠂ ᠰᠡᠳᠬᠢᠮᠵᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠳᠤᠷᠢᠳᠬᠤ ᠴᠢᠳᠠᠪᠤᠷᠢ ᠵᠡᠷᠭᠡ ᠲᠠᠯ᠎ᠠ ᠶᠢᠨ ᠪᠣᠳᠠᠲᠠᠢ ᠢᠯᠡᠷᠡᠯ ᠢ ᠦᠵᠡᠵᠦ᠂ ᠳᠡᠳ᠋ ᠲᠤᠰᠢᠶᠠᠯ ᠤᠨ ᠭᠤᠣᠯᠳᠠᠯᠭ᠎ᠠ ᠪᠠᠨ ᠤᠯᠤᠰ ᠲᠥᠷᠥ ᠶᠢᠨ ᠬᠡᠪ ᠴᠢᠨᠠᠷ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠠᠮᠵᠢᠯᠲᠠ ᠪᠦᠲᠦᠮᠵᠢ ᠶᠢᠨ ᠲᠠᠯ᠎ᠠ ᠶᠢᠨ ᠪᠣᠳᠠᠲᠠᠢ ᠢᠯᠡᠷᠡᠯ ᠢ ᠦᠵᠡᠵᠦ᠂ ᠰᠢᠯᠭᠠᠨ ᠪᠠᠶᠢᠴᠠᠭᠠᠵᠤ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠪᠥᠬᠦ ᠲᠠᠯ᠎ᠠ ᠪᠠᠷ ᠰᠤᠳᠤᠯᠤᠨ ᠮᠠᠭᠠᠳᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠺᠠᠳ᠋ᠷ ᠤᠨ ᠦᠨᠡᠨ ᠪᠣᠳᠠᠲᠠᠢ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠺᠠᠳ᠋ᠷᠴᠤᠳ ᠲᠤ ᠨᠠᠷᠢᠯᠢᠭ ᠣᠨᠣᠴᠠᠲᠠᠢ ᠪᠠᠷ ︽ᠳᠦᠷᠰᠦ ᠪᠦᠲᠦᠭᠡᠵᠦ︾  ᠦᠭᠭᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1