ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠭᠤᠷᠪᠠᠨ ᠠᠷᠭ᠎ᠠ ᠬᠡᠮᠵᠢᠶ᠎ᠡ︾ ᠪᠠᠷ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ  ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2023/6/29
      ᠣᠶᠢᠷ᠎ᠠ ᠶᠢᠨ ᠵᠢᠯ ᠠᠴᠠ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠢᠨᠵᠧᠨᠧᠷᠢᠩ ᠪᠠ ᠤᠷᠳᠤ ᠬᠤᠭᠤᠴᠠᠭᠠᠨ ᠤ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠤᠨᠤᠯ ᠤᠨ ᠰᠤᠷᠤᠯᠴᠠᠯᠭ᠎ᠠ᠂ ᠦᠢᠯᠡᠳᠦᠯᠭᠡ ᠶᠢᠨ ᠠᠵᠢᠯᠯᠠᠭ᠎ᠠ ᠵᠡᠷᠭᠡ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃      ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ ᠣᠷᠴᠢᠨ ᠠᠬᠤᠢ ᠶᠢ ᠰᠢᠯᠢᠳᠡᠭᠵᠢᠭᠦᠯᠪᠡ      ᠨᠠᠮ ᠤᠨ ᠭᠡᠰᠢᠭᠦᠨ ᠤ ᠠᠵᠢᠯᠯᠠᠭ᠎ᠠ ᠶᠢᠨ ᠦᠷᠦᠭᠡ᠂ ᠮᠠᠷᠺᠰ ᠤᠨ ᠦᠵᠡᠯ ᠤᠨ ᠨᠣᠮ ᠤᠨ ᠦᠷᠦᠭᠡ ᠵᠡᠷᠭᠡ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠵᠤ᠂ ᠨᠠᠮ ᠤᠨ ᠭᠡᠰᠢᠭᠦᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠢᠳᠡᠪᠬᠢᠲᠡᠢ ᠵᠣᠬᠢᠶᠠᠨ ᠪᠠᠶᠢᠭᠤᠯᠤᠨ ᠤᠨᠤᠯ ᠤᠨ ᠰᠤᠷᠤᠯᠴᠠᠯᠭ᠎ᠠ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠰᠤᠷᠤᠯᠴᠠᠨ ᠰᠡᠳᠬᠢᠬᠦ ᠦᠢᠯᠡᠳᠦᠯᠭᠡᠵᠢᠭᠦᠯᠦᠨ ᠤᠬᠠᠬᠤ ᠪᠠᠨ ᠴᠢᠩᠭᠠᠳᠬᠠᠨ᠎ᠠ᠃ ᠡᠪ ᠬᠠᠮᠲᠤ ᠨᠠᠮ ᠤᠨ ᠭᠡᠰᠢᠭᠦᠨ ᠤ ᠰᠦᠯᠵᠢᠶ᠎ᠡ᠂ ᠰᠤᠷᠤᠯᠴᠠᠯᠭ᠎ᠠ ᠶᠢᠨ ᠬᠦᠴᠦᠷᠬᠡᠭ ᠤᠯᠤᠰ᠂ ᠬᠥᠬᠡᠬᠤᠲᠠ ᠶᠢᠨ ᠬᠤᠰᠢᠭᠤᠴᠢ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠵᠡᠷᠭᠡ ᠨᠠᠮ ᠤᠨ ᠪᠠᠶᠢᠭᠤᠯᠤᠯᠲᠠ ᠶᠢᠨ ᠰᠤᠷᠤᠯᠴᠠᠯᠭ᠎ᠠ ᠶᠢᠨ ᠲᠠᠪᠴᠠᠩ ᠳᠤ ᠲᠦᠰᠢᠭᠯᠡᠨ ᠨᠠᠮ ᠤᠨ ᠭᠡᠰᠢᠭᠦᠨ ᠺᠠᠳ᠋ᠷᠴᠤᠳ ᠤᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠤ ᠲᠡᠷᠢᠭᠦᠨ ᠤ ᠬᠢ ᠲᠠᠢ ᠠᠳᠠᠯᠢᠳᠬᠠᠬᠤ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ ᠶᠢ ᠬᠥᠲᠥᠯᠥᠨ ᠵᠢᠯᠣᠭᠤᠳᠤᠨ᠎ᠠ᠃ ᠨᠠᠮ ᠤᠨ ᠭᠡᠰᠢᠭᠦᠨ ᠤ ᠰᠣᠯᠢᠯᠴᠠᠭᠠᠨ ᠤ ᠵᠢᠷᠭᠢᠶ᠎ᠡ ᠶᠢᠨ ᠪᠦᠯᠦᠭᠯᠡᠯ ᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠣᠶᠢᠷ᠎ᠠ ᠶᠢᠨ ᠬᠤᠭᠤᠴᠠᠭᠠᠨ ᠤ ᠬᠥᠳᠡᠯᠦᠯ ᠪᠠᠶᠢᠳᠠᠯ᠂ ᠨᠠᠮ ᠤᠨ ᠠᠵᠢᠯ ᠤᠨ ᠮᠡᠳᠡᠯᠭᠡ ᠵᠡᠷᠭᠡ ᠶᠢ ᠳᠡᠪᠰᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠡᠳᠡᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠪᠠ᠃      ᠤᠨᠤᠯ ᠤᠨ ᠰᠤᠷᠤᠯᠴᠠᠯᠭ᠎ᠠ ᠶᠢ ᠴᠢᠬᠤᠯᠠᠴᠢᠯᠠᠵᠤ ᠨᠠᠮᠴᠢ ᠴᠢᠨᠠᠷ ᠢ  ᠴᠢᠩᠭᠠᠳᠬᠠᠪᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠭᠡᠰᠢᠭᠦᠨ ᠤ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠬᠤ ᠶᠢ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ︽ᠲᠣᠭᠲᠠᠭᠠᠭᠰᠠᠨ ᠬᠥᠳᠡᠯᠭᠡᠭᠡᠨ︾ ᠪᠣᠯᠭᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠨᠠᠮ ᠤᠨ ᠬᠢᠴᠢᠶᠡᠯ ᠵᠢᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠠᠵᠢᠯ ᠢ ᠴᠠᠭ ᠲᠤᠬᠠᠢ ᠳᠤᠨᠢ ︽ᠡᠭᠡᠯ ᠠᠷᠠᠳ ᠤᠨ ᠭᠡᠷ ᠲᠤ ᠣᠷᠣᠬᠤ︾ ᠶᠢ ᠦᠨᠡᠨ ᠬᠦ  ᠪᠠᠳᠤᠯᠠᠪᠠ᠃ ᠡᠭᠦᠨ ᠤ ᠬᠠᠮᠲᠤ᠂ ᠣᠷᠣᠨ ᠤ ᠲᠥᠪ ᠤᠨ ᠨᠠᠮ ᠤᠨ ᠪᠠᠶᠢᠭᠤᠯᠤᠯᠲᠠ ᠶᠢᠨ ᠰᠢᠨ᠎ᠡ ᠵᠠᠭᠤᠴᠢᠯᠠᠭᠤᠷ ᠵᠡᠷᠭᠡ ︽ᠪᠢᠴᠢᠯ ᠵᠢᠭᠰᠠᠭᠠᠯ︾ ᠳᠤ ᠲᠦᠰᠢᠭᠯᠡᠵᠦ᠂ ᠥᠷᠭᠡᠨ ᠤᠯᠠᠨ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢᠶᠠᠨ ᠰᠤᠷᠤᠯᠴᠠᠬᠤ᠂ ᠴᠠᠭ ᠲᠤᠬᠠᠢ ᠳᠤᠨᠢ ᠺᠠᠯᠼ ᠨᠥᠬᠦᠪᠦᠷᠢᠯᠡᠨ ᠡᠨᠧᠷᠭᠢ ᠶᠢ ᠬᠤᠷᠠᠮᠳᠤᠭᠤᠯᠬᠤ᠂ ᠲᠣᠰᠣ ᠨᠡᠮᠡᠵᠦ ᠴᠠᠬᠢᠯᠭᠠᠨ ᠴᠡᠨᠡᠭᠯᠡᠬᠦ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃      ᠦᠢᠯᠡᠳᠦᠯᠭᠡ ᠶᠢᠨ ᠠᠵᠢᠯᠯᠠᠭ᠎ᠠ ᠶᠢ ᠴᠢᠬᠤᠯᠠᠴᠢᠯᠠᠵᠤ ᠦᠢᠯᠡᠴᠢᠯᠡᠭᠡ ᠶᠢ ᠴᠢᠩᠭᠠᠳᠬᠠᠪᠠ      ᠤᠳᠤ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠨ ᠮᠠᠷᠺᠰ ᠤᠨ ᠦᠵᠡᠯ ᠤᠨ ᠨᠣᠮ ᠤᠨ ᠦᠷᠦᠭᠡ᠂ ᠠᠷᠢᠭᠤᠨ ᠴᠢᠬᠡᠴᠢ ᠶᠢᠨ ᠬᠥᠮᠦᠵᠢᠯ ᠤᠨ ᠠᠵᠢᠯᠯᠠᠭ᠎ᠠ ᠶᠢᠨ ᠲᠥᠪ᠂ ᠨᠠᠮ ᠤᠨ ᠭᠡᠰᠢᠭᠦᠨ ᠤ ᠠᠵᠢᠯᠯᠠᠭ᠎ᠠ ᠶᠢᠨ ᠲᠠᠰᠤᠭ ᠵᠡᠷᠭᠡ ᠰᠠᠭᠤᠷᠢᠨ ᠢᠶᠠᠷ ᠭᠤᠣᠯ ᠴᠣᠭᠴᠠ ᠪᠣᠯᠭᠠᠭᠰᠠᠨ ︽ᠦᠵᠡᠯ ᠰᠠᠨᠠᠭᠠᠨ ᠤ ᠬᠥᠮᠦᠵᠢᠯ ᠤᠨ ᠵᠢᠭᠰᠠᠭᠠᠯ︾ ᠢ ᠬᠦᠴᠦᠯᠡᠨ ᠪᠠᠶᠢᠭᠤᠯᠵᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠨᠠᠮᠴᠢ ᠴᠢᠨᠠᠷ ᠤᠨ ᠪᠡᠶ᠎ᠡ ᠶᠢᠨ ᠪᠠᠶᠢᠴᠠᠭᠠᠯᠲᠠ᠂ ᠬᠤᠪᠢᠰᠬᠠᠯ ᠤᠨ ᠦᠯᠢᠭᠡᠷ ᠢ ᠰᠣᠨᠣᠰᠬᠤ᠂ ᠨᠠᠮ ᠳᠤ ᠡᠯᠰᠡᠭᠳᠡᠬᠦ ᠲᠠᠩᠭᠠᠷᠢᠭ ᠤᠨ ᠦᠭᠡᠰ ᠢ ᠲᠠᠬᠢᠨ ᠰᠠᠨᠠᠭᠠᠯᠵᠠᠬᠤ ᠵᠡᠷᠭᠡ ᠪᠡᠶ᠎ᠡ ᠪᠠᠷ ᠢᠶᠠᠨ ᠣᠶᠢᠯᠠᠭᠠᠬᠤ ᠬᠡᠯᠪᠡᠷᠢ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠳ ᠢ ᠰᠣᠨᠣᠰᠬᠤ ᠶᠢᠨ ᠳᠠᠭᠠᠤ ᠰᠤᠷᠤᠯᠴᠠᠭᠤᠯᠵᠤ᠂ ᠰᠡᠳᠬᠢᠨ ᠪᠣᠳᠣᠯᠬᠢᠯᠠᠬᠤ ᠶᠢᠨ ᠳᠠᠭᠠᠤ ᠤᠬᠠᠭᠠᠷᠠᠭᠤᠯᠤᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ︽ᠬᠤᠣᠰ ᠨᠡᠷ᠎ᠡ ᠪᠠᠷ ᠨᠡᠷ᠎ᠡ ᠮᠡᠳᠡᠭᠦᠯᠬᠦ · ᠠᠷᠠᠳ ᠤᠨ ᠲᠥᠯᠥᠭᠡ ᠠᠶᠠᠯᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠪᠠᠭ᠎ᠠ ᠲᠣᠭᠤᠷᠢᠭ ᠤᠨ ᠡᠮᠦᠨ᠎ᠡ ᠹᠷᠣᠨᠲ ᠲᠤ ᠰᠠᠭᠤᠯᠭᠠᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠤᠨ ᠠᠰᠠᠭᠤᠳᠠᠯ ᠢ ᠭᠦᠨᠵᠡᠭᠡᠢ ᠣᠶᠢᠯᠠᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠵᠥᠷᠢᠴᠡᠯ ᠢ ᠡᠶᠡᠳᠡᠭᠦᠯᠬᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ᠂ ᠪᠣᠯᠪᠠᠰᠤᠨ ᠢ ᠡᠭᠦᠳᠦᠨ ᠪᠠᠶᠢᠭᠤᠯᠬᠤ᠂ ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠢᠳᠡᠪᠬᠢᠲᠡᠢ ᠣᠷᠣᠯᠴᠠᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾  ᠢ ᠦᠨᠡᠨᠬᠦ ᠨᠡᠪᠲᠡᠷᠡᠭᠦᠯᠦᠨ᠎ᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1