ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠥᠪ ᠴᠢᠩᠭ᠎ᠠ ᠢᠯᠡᠷᠬᠡᠶᠢᠯᠡᠯᠲᠡ
ᠨᠡᠶᠢᠲᠡᠯᠡᠭᠰᠡᠨ ᠴᠠᠭ᠄
2023/6/29
      6 ᠰᠠᠷ᠎ᠠ ᠶᠢᠨ 27 ᠤ ᠡᠳᠦᠷ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠰᠦᠯᠵᠢᠶ᠎ᠡ ᠲᠥᠪ ᠴᠢᠩᠭ᠎ᠠ ᠢᠯᠡᠷᠬᠡᠶᠢᠯᠡᠯᠲᠡ ᠨᠡᠶᠢᠲᠡᠯᠡᠪᠡ᠂ ᠢᠯᠡᠷᠬᠡᠶᠢᠯᠡᠯᠲᠡ ᠶᠢᠨ ᠣᠭ ᠵᠣᠬᠢᠶᠠᠯ ᠨᠢ ᠳᠤᠤᠷᠠᠬᠢ ᠮᠡᠲᠦ᠄              ᠣᠶᠢᠷ᠎ᠠ ᠳᠤ᠂ ᠬᠠᠤᠯᠢ ᠪᠤᠰᠤ ᠡᠲᠡᠭᠡᠳ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠶᠢᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠨᠡᠷ᠎ᠡ ᠪᠠᠷ ︽︿2023 ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠲᠤᠰᠬᠠᠶ ᠨᠥᠬᠦᠪᠥᠷᠢ ᠪᠠᠯᠠ ᠮᠥᠩᠭᠦ ᠶᠢ  ᠬᠡᠷᠡᠭᠵᠢᠭᠦᠯᠬᠦ  ᠠᠷᠭ᠎ᠠ  ﹀ ᠶᠢ  ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠂ ︽︿2023 ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ︿ᠰᠢᠨ᠎ᠡ ᠲᠠᠷᠢᠶᠠᠴᠢᠨ﹀ ᠤ ᠬᠠᠮᠢᠶ᠎ᠠ ᠪᠥᠬᠦᠶ ᠨᠥᠬᠦᠪᠥᠷᠢ︾ ᠶᠢ ᠳᠣᠷᠣᠭᠰᠢ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ  ᠬᠠᠭᠤᠷᠮᠠᠭ   ᠢᠶᠠᠷ ᠵᠣᠬᠢᠶᠠᠭᠰᠠᠨ ᠪᠥᠭᠡᠳ ᠬᠠᠭᠤᠷᠮᠠᠭ ᠢᠶᠠᠷ ᠵᠣᠬᠢᠶᠠᠭᠰᠠᠨ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠶᠢ ᠳᠠᠷᠤᠭᠰᠠᠨ ᠪᠠᠶᠢᠨ᠎ᠠ᠃ ᠠᠳᠡ ᠲᠥᠪ ᠴᠢᠩᠭ᠎ᠠ ᠪᠠᠷ ᠢᠯᠡᠷᠬᠡᠶᠢᠯᠡᠬᠦ ᠨᠢ᠄        ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠶᠡᠷᠦ ᠠᠴᠠ ᠡᠳ᠋ ᠤᠨ  ᠵᠠᠰᠠᠭ ᠤᠨ  ᠶᠠᠮᠤᠨ᠂  ᠳᠤᠮᠳᠠᠳᠤ ᠶᠢᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠲᠠᠢ ᠬᠠᠮᠲᠤᠷᠠᠨ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠢ ᠲᠠᠷᠬᠠᠭᠠᠵᠤ ᠥᠩᠭᠡᠷᠡᠭᠰᠡᠨ ᠥᠬᠡᠶ ᠪᠥᠭᠡᠳ ᠪᠢᠴᠢᠭ ᠮᠠᠲ᠋ᠧᠷᠢᠶᠠᠯ ᠳᠤ ᠳᠤᠷᠠᠳᠤᠭᠰᠠᠨ ︽ᠲᠠᠷᠢᠶᠠᠴᠢᠨ ᠬᠤᠳᠠᠯᠳᠤᠭᠠᠴᠢᠨ ᠤ  ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠨᠥᠬᠦᠪᠥᠷᠢ︾᠂ ︽ᠭᠠᠵᠠᠷ ᠰᠢᠷᠣᠶ ᠶᠢ ᠮᠡᠳᠡᠷᠡᠨ ᠠᠷᠠᠴᠢᠯᠠᠬᠤ ᠨᠥᠬᠦᠪᠥᠷᠢ︾ ᠵᠡᠷᠭᠡ  ᠲᠥᠷᠥ ᠶᠢᠨ ᠪᠣᠳᠣᠯᠭ᠎ᠠ ᠶᠢ ᠶᠡᠷᠦ ᠠᠴᠠ ᠲᠤᠬᠳᠠᠭᠠᠵᠤ ᠥᠩᠭᠡᠷᠡᠭᠰᠡᠨ ᠥᠬᠡᠶ  ᠶᠤᠮ᠃ ᠨᠡᠶᠢᠭᠡᠮ ᠤᠨ ᠡᠯ᠎ᠡ ᠡᠲᠡᠭᠡᠳ ᠤᠨ ᠬᠢᠨ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠪᠣᠯᠭᠤᠮᠵᠢᠯᠠᠭᠠᠷᠠᠶ᠃ ᠬᠡᠷᠪᠡ ᠨᠢᠭᠡᠨᠲᠡ  ᠬᠤᠬᠢᠷᠠᠯ ᠠᠮᠰᠠᠬᠰᠠᠨ ᠪᠣᠯ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠮᠡᠳᠡᠭᠦᠯᠦᠭᠡᠷᠡᠶ᠃                   ᠣᠨᠴᠠᠭᠠᠶᠢᠯᠠᠨ ᠢᠯᠡᠷᠬᠡᠶᠢᠯᠡᠪᠡ︕                  ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠥᠯᠥᠪᠯᠡᠭᠡᠲᠦ ᠡᠳ᠋ ᠤᠨ ᠶᠠᠪᠤᠳᠠᠯ ᠤᠨ ᠵᠤᠷᠭᠠᠨ                             2023 ᠣᠨ ᠤ 6 ᠰᠠᠷ᠎ᠠ ᠶᠢᠨ 27 ᠤ ᠡᠳᠦᠷᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1