ᠵᠠᠷᠤᠳ ᠬᠤᠰᠢᠭᠤ 193 ᠲᠦᠮᠡᠨ ᠮᠦ ᠡᠯᠳᠡᠪ ᠠᠮᠤ ᠪᠤᠷᠴᠠᠭ ᠲᠠᠷᠢᠵᠠᠢ
ᠨᠡᠶᠢᠲᠡᠯᠡᠭᠰᠡᠨ ᠴᠠᠭ᠄
2023/6/29
       ᠵᠠᠷᠤᠳ ᠬᠤᠰᠢᠭᠤ ᠤᠤᠯ ᠠᠴᠠ ᠪᠠᠨ ︽ᠡᠯᠳᠡᠪ ᠠᠮᠤ ᠪᠤᠷᠴᠠᠭ ᠤᠨ ᠨᠤᠲᠤᠭ︾ ᠭᠡᠰᠡᠨ ᠰᠠᠶᠢᠬᠠᠨ ᠠᠯᠳᠠᠷᠲᠠᠢ ᠶᠤᠮ᠃ ᠣᠶᠢᠷ᠎ᠠ ᠶᠢᠨ ᠵᠢᠯ ᠤᠳ ᠲᠤ ᠪᠥᠬᠦ ᠬᠤᠰᠢᠭᠤ ᠪᠠᠷ ᠢᠶᠠᠨ ᠡᠯᠳᠡᠪ ᠠᠮᠤ ᠪᠤᠷᠴᠠᠭ ᠤᠨ ᠠᠵᠤ ᠦᠢᠯᠡᠰ ᠤᠨ  ᠰᠦᠷᠦᠭᠵᠢᠯ ᠢ ᠪᠣᠶ ᠪᠣᠯᠭᠠᠵᠤ᠂ ᠬᠥᠳᠡᠭᠡ ᠲᠤᠰᠬᠤᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠠᠷᠠᠯᠲᠠ  ᠪᠣᠯᠭᠠᠵᠤ᠂ ︽ᠲᠥᠯᠦᠪᠵᠢᠭᠦᠯᠭᠡ ᠰᠢᠨᠵᠢᠯᠡᠬᠦ ᠤᠬᠠᠭᠠᠨᠴᠢ᠂ ᠪᠠᠶᠢᠷᠢᠰᠢᠯ ᠵᠦᠢ ᠵᠣᠬᠢᠰᠲᠠᠢ᠂ ᠭᠤᠣᠯ ᠠᠵᠢᠯ ᠳᠣᠪᠤᠶᠢᠮ᠎ᠠ᠂ ᠣᠨᠴᠠᠯᠢᠭ ᠢᠯᠡᠷᠬᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠡᠯᠳᠡᠪ ᠠᠮᠤ  ᠪᠤᠷᠴᠠᠭ ᠤᠨ ᠠᠵᠤ ᠦᠢᠯᠡᠰ ᠤᠨ ᠰᠦᠷᠦᠭᠵᠢᠯ ᠤᠨ ᠰᠠᠶᠢᠨ ᠡᠭᠦᠯᠳᠡᠷ᠂ ᠪᠠᠷᠢᠮᠵᠢᠶᠠᠵᠢᠯᠲᠠ᠂ ᠠᠵᠤ ᠦᠢᠯᠡᠰᠵᠢᠯᠲᠡ᠂ ᠵᠠᠬ᠎ᠠ ᠳᠡᠯᠭᠡᠭᠦᠷᠴᠢᠯᠡᠯᠲᠡ ᠶᠢᠨ ᠬᠢᠷᠢ ᠲᠦᠪᠰᠢᠨ ᠢ   ᠲᠣᠭᠲᠠᠭᠤᠨ ᠢᠶᠠᠷ ᠳᠡᠭᠡᠭᠰᠢᠯᠡᠭᠦᠯᠵᠦ ᠪᠠᠶᠢᠨ᠎ᠠ᠃              ᠣᠲᠣ ᠪᠣᠯᠲᠠᠯ᠎ᠠ᠂ ᠵᠠᠷᠤᠳ ᠬᠤᠰᠢᠭᠤᠨ ᠤ ᠡᠯᠳᠡᠪ ᠠᠮᠤ ᠪᠤᠷᠴᠠᠭ ᠳᠠᠷᠢᠬᠰᠠᠨ ᠶᠡᠷᠦᠩᠬᠡᠢ  ᠲᠠᠯᠠᠪᠠᠶ  193  ᠲᠦᠮᠡᠨ ᠮᠦ ᠳᠤ ᠬᠦᠷᠴᠡᠢ᠃ ᠡᠭᠦᠨ ᠳᠤ ᠰᠢᠷ᠎ᠠ ᠪᠤᠷᠴᠠᠭ 5.6 ᠲᠦᠮᠡᠨ ᠮᠦ᠂ ᠨᠠᠷᠢᠮᠤ 3.6 ᠲᠦᠮᠡᠨ ᠮᠦ᠂ ᠨᠡᠷᠡᠨ ᠬᠤᠸᠠᠷ 7500 ᠮᠦ᠂ ᠰᠢᠬᠢᠷ ᠯᠤᠤᠪᠠᠩ 2600 ᠮᠦ ᠪᠤᠢ᠃ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ‍ᠤᠨ‌‍ᠲ᠋ᠡᠮᠳᠡᠭ 1 ᠪᠠᠶᠢᠵᠤ᠂ ᠣᠲᠣ ᠡᠯᠳᠡᠪ ᠠᠮᠤ ᠪᠤᠷᠴᠠᠭ ᠤᠨ ᠲᠠᠷᠢᠶᠠᠯᠠᠩ ᠤᠨ ᠠᠵᠤ  ᠦᠢᠯᠡᠰᠵᠢᠭ᠌ᠰᠡᠨ ᠠᠵᠤ ᠠᠬᠤᠶᠢᠯᠠᠯ 22 ᠪᠤᠯᠵᠤ᠂ ᠡᠯᠳᠡᠪ ᠠᠮᠤ ᠪᠤᠷᠴᠠᠭ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠨᠢᠭᠡᠨᠲᠡ 189 ᠪᠣᠯᠤᠭᠰᠠᠨ ᠪᠠᠶᠢᠨ᠎ᠠ᠃      ᠢᠷᠡᠯᠳᠡ᠄ ᠠᠷᠠᠳ ᠤᠨ ᠰᠦᠯᠵᠢᠶ᠎ᠡ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1