ᠯᠢᠶᠠᠩᠴᠧᠩ ᠰᠢᠶᠠᠨ ᠬᠦᠮᠦᠨ ᠤ ᠬᠦᠴᠦ ᠪᠠᠷ ᠪᠤᠵᠠᠷ ᠡᠪᠡᠰᠦ ᠠᠷᠢᠯᠭᠠᠵᠤ ᠤᠷᠭᠠᠨᠢᠭ ᠲᠠᠷᠢᠶᠠᠯᠠᠩ ᠢ ᠬᠦᠭᠵᠢᠭᠦᠯᠵᠤ ᠪᠤᠢ
ᠨᠡᠶᠢᠲᠡᠯᠡᠭᠰᠡᠨ ᠴᠠᠭ᠄
2023/6/29
      ᠡᠨᠡ ᠵᠢᠯ ᠯᠢᠶᠠᠩᠴᠧᠩ ᠰᠢᠶᠠᠨ  6  ᠲᠦᠮᠡᠨ  ᠮᠥ  ᠣᠷᠭᠠᠨᠢᠭ  ᠬᠠᠭᠤᠷᠠᠶ  ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠤ ᠳᠠᠷᠢᠶᠠᠨ ᠠᠵᠢᠯ ᠢ  ᠦᠷᠭᠦᠯᠵᠢᠯᠡᠨ  ᠰᠠᠶᠢᠳᠤᠷ  ᠬᠢᠵᠦ᠂  ︽ᠯᠢᠶᠠᠩᠴᠧᠩ ᠤᠨ  ᠡᠯᠳᠡᠪ  ᠠᠮᠤ︾  ᠭᠡᠬᠦ  ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭ ᠤᠨ ᠦᠢᠯᠡᠳᠦᠯ ᠢ  ᠰᠠᠶᠢᠳᠤᠷ  ᠪᠠᠳᠠᠷᠠᠭᠤᠯᠵᠤ᠂  ᠬᠦᠮᠦᠨ ᠤ  ᠬᠦᠴᠤ ᠪᠠᠷ ᠪᠤᠵᠠᠷ ᠡᠪᠡᠰᠤ ᠠᠷᠢᠯᠭᠠᠬᠤ ᠵᠡᠷᠭᠡ ᠠᠷᠭ᠎ᠠ ᠪᠠᠷ ᠲᠠᠷᠢᠮᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠦᠨ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠪᠤᠢ᠃              ᠵᠢᠷᠭᠤᠭᠠᠨ ᠰᠠᠷ᠎ᠠ ᠶᠢᠨ ᠡᠬᠢ ᠪᠣᠯᠬᠤ ᠳᠤ ᠡᠷᠳᠡᠨᠢ ᠰᠢᠰᠢ ᠨᠢᠭᠡᠨᠲᠡ ᠰᠣᠶᠣᠭᠠᠯᠠᠨ ᠤᠷᠭᠤᠵᠤ ᠡᠬᠢᠯᠡᠵᠡᠶ᠃ ᠨᠠᠮᠤᠷ ᠤᠨ ᠬᠤᠷᠢᠶᠠᠯᠲᠠ ᠶᠢᠨ ᠲᠣᠭᠲᠠᠭᠤᠨ ᠢ ᠪᠠᠲᠤᠯᠠᠬᠤ ᠳᠤ ᠡᠪᠡᠰᠦ ᠠᠷᠢᠯᠭᠠᠬᠤ ᠨᠢ ᠳᠤᠲᠠᠭᠳᠠᠵᠤ ᠪᠣᠯᠤᠰᠢ ᠥᠬᠡᠶ ᠴᠢᠬᠤᠯᠠ  ᠭᠤᠭᠴᠤᠭ᠎ᠠ ᠪᠣᠯᠤᠨ᠎ᠠ᠃ ᠯᠢᠶᠠᠩᠴᠧᠩ ᠰᠢᠶᠠᠨ ᠤ ᠮᠠᠶᠢᠬᠠᠨᠲᠤ ᠪᠠᠯᠭᠠᠰᠤᠨ ᠤ ᠱᠠ ᠪᠦ᠋ ᠽᠢ ᠲᠤᠰᠬᠤᠨ ᠤ ᠬᠠᠭᠤᠷᠠᠢ ᠣᠷᠭᠠᠨᠢᠭ ᠲᠠᠷᠢᠶᠠᠯᠠᠩ ‍ᠤᠨ‌‍ᠲ᠋ᠠᠷᠢᠶᠠᠨ ᠭᠠᠵᠠᠷ ᠲᠤ ᠰᠠᠭᠤᠷᠢ ᠰᠠᠭᠤᠷᠢ ᠡᠷᠳᠡᠨᠢ ᠰᠢᠰᠢ ᠨᠢᠭᠡ ᠮᠦᠷ ᠢᠶᠠᠷ ᠵᠢᠭᠳᠡᠷᠡᠨ ᠬᠦᠬᠡᠷᠡᠵᠤ᠂ ᠠᠵᠢᠯᠴᠢᠳ ᠶᠠᠭ ᠬᠦᠮᠦᠨ ᠤ ᠬᠦᠴᠤ ᠪᠠᠷ ᠡᠪᠡᠰᠦ ᠠᠷᠢᠯᠭᠠᠵᠤ ᠪᠠᠶᠢᠯ᠎ᠠ᠃         ᠬᠢᠮᠢ ᠶᠢᠨ ᠡᠪᠡᠰᠦ ᠠᠷᠢᠯᠭᠠᠭᠴᠢ ᠡᠮ ᠢᠶᠠᠷ ᠡᠪᠡᠰᠦ ᠠᠷᠢᠯᠭᠠᠪᠠᠯ ᠦᠷ᠎ᠡ ᠪᠦᠲᠦᠮᠵᠢ ᠨᠢ ᠥᠨᠳᠥᠷ᠂ ᠪᠤᠵᠠᠷ ᠡᠪᠡᠰᠦᠨ ᠤ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ ᠴᠢᠳᠠᠬᠤ ᠪᠣᠯᠪᠠᠴᠤ ᠵᠣᠬᠢᠬᠤ ᠬᠡᠮᠵᠢᠶᠡᠨ ᠳᠤ ᠠᠮᠢ ᠠᠬᠤᠶ ᠶᠢ ᠡᠪᠳᠡᠵᠦ᠂ ᠬᠥᠷᠥᠰᠥ ᠰᠢᠷᠣᠢ ᠶᠢᠨ ᠰᠢᠮ᠎ᠡ ᠲᠡᠵᠢᠭᠡᠯ ᠢ ᠨᠥᠯᠥᠭᠡᠯᠡᠵᠦ᠂ ᠦᠷᠭᠦᠯᠵᠢᠯᠨᠨ ᠬᠦᠭᠵᠢᠬᠦ ᠳᠤ ᠠᠰᠢᠭ ᠥᠬᠡᠶ ᠪᠠᠶᠢᠳᠠᠭ᠃ ᠬᠦᠮᠦᠨ ᠤ ᠬᠦᠴᠤ ᠪᠠᠷ ᠡᠪᠡᠰᠦ ᠠᠷᠢᠯᠭᠠᠬᠤ ᠳᠤ ᠦᠷ᠎ᠡ ᠪᠦᠲᠦᠮᠵᠢ ᠨᠢ ᠳᠤᠤᠷ᠎ᠠ ᠪᠣᠯᠪᠠᠴᠤ ᠬᠥᠷᠥᠰᠥ ᠰᠢᠷᠣᠢ ᠶᠢ ᠵᠥᠭᠡᠯᠡᠷᠡᠭᠦᠯᠬᠦ᠂ ᠥᠩ ᠰᠢᠮ᠎ᠡ ᠶᠢ ᠨᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠣᠷᠭᠠᠨᠢᠭ ᠬᠠᠭᠤᠷᠠᠶ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠨ ᠭᠠᠵᠠᠷ ᠤᠨ ᠰᠠᠶᠢᠨ ᠰᠠᠶᠢᠬᠠᠨ ᠠᠮᠢ ᠠᠬᠤᠶ ᠶᠢ ᠨᠠᠩ ᠰᠠᠶᠢᠳᠤᠷ  ᠪᠠᠲᠤᠯᠠᠬᠤ ᠳᠤ ᠠᠰᠢᠭᠲᠠᠢ ᠪᠠᠶᠢᠳᠠᠭ᠃ ᠲᠠᠷᠢᠮᠠᠯ ᠤᠨ ᠲᠤᠮᠤ ᠡᠷᠦᠬᠡ ᠵᠣᠣ ᠵᠢᠦ ᠯᠦᠩ᠄ ︽ᠡᠨᠡ ᠵᠢᠯ  600  ᠭᠠᠷᠤᠶ  ᠮᠥ  ᠲᠠᠷᠢᠶᠠᠨ  ᠭᠠᠵᠠᠷ ᠳᠠᠭᠠᠭᠠᠴᠢᠯᠠᠵᠤ᠂ ᠰᠦᠯᠢᠶᠣᠣ ᠪᠦᠷᠬᠦᠪᠴᠢ ᠪᠠᠷ  ᠪᠦᠷᠬᠦᠨ ᠰᠢᠰᠢ ᠳᠠᠷᠢᠵᠤ᠂ ᠬᠦᠮᠦᠨ ᠤ ᠬᠦᠴᠦ ᠪᠠᠷ ᠡᠪᠡᠰᠤ ᠠᠷᠢᠯᠭᠠᠵᠤ ᠪᠠᠶᠢᠨ᠎ᠠ᠃ ᠬᠦᠮᠦᠨ ᠤ ᠬᠦᠴᠦ ᠪᠠᠷ ᠡᠪᠡᠰᠦ ᠠᠷᠢᠯᠭᠠᠬᠤ ᠨᠢ ᠡᠮ ᠰᠦᠷᠴᠢᠨ ᠡᠪᠡᠰᠤ ᠠᠷᠢᠯᠭᠠᠬᠤ ᠲᠠᠢ ᠬᠠᠷᠢᠴᠠᠭᠤᠯᠪᠠᠯ ᠲᠠᠷᠢᠶᠠᠨ ᠭᠠᠵᠠᠷ ᠤᠨ ᠪᠣᠬᠢᠷᠲᠤᠯ ᠢ ᠪᠠᠭᠠᠰᠬᠠᠵᠤ᠂ ᠪᠤᠵᠠᠷ ᠡᠪᠡᠰᠦ ᠶᠢ ᠠᠷᠢᠯᠭᠠᠨ᠂ ᠬᠥᠷᠥᠰᠥ ᠰᠢᠷᠣᠢ ᠶᠢ  ᠵᠥᠭᠡᠯᠡᠷᠡᠭᠦᠯᠤᠨ᠂ ᠲᠠᠷᠢᠮᠠᠯ ‍ᠤᠨ‌ᠦᠨᠳᠦᠰᠦᠨ ᠰᠢᠰᠲ᠋ᠧᠮ ᠤᠨ ᠤᠷᠭᠤᠯᠲᠠ ᠶᠢ ᠠᠬᠢᠭᠤᠯᠬᠤ ᠪᠠ ᠤᠨᠠᠯᠲᠠ ᠶᠢ ᠨᠡᠮᠡᠭᠳᠡᠭᠦᠯᠬᠦ ᠦᠢᠯᠡᠳᠦᠯ ᠲᠠᠢ ᠪᠠᠶᠢᠵᠤ᠂ ᠳᠠᠷᠠᠭ᠎ᠠ ᠵᠢᠯ ᠤᠨ ᠴᠢᠬᠢ ᠶᠢ ᠬᠠᠮᠠᠭᠠᠯᠠᠬᠤ ᠳᠤ ᠠᠰᠢᠭᠲᠠᠢ︾ ᠭᠡᠵᠤ ᠰᠣᠷᠪᠤᠯᠵᠢᠯᠠᠭᠴᠢ ᠳᠤ ᠲᠠᠨᠢᠯᠴᠠᠭᠤᠯᠵᠤ ᠪᠠᠶᠢᠯ᠎ᠠ᠃         ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1