ᠬᠦᠨᠳᠦ ᠡᠷᠡᠭᠦᠦ ᠶᠢᠨ ᠬᠡᠷᠡᠭ︕ ᠰᠡᠵᠢᠭᠳᠡᠨ ᠴᠠᠩ ᠣᠪᠣᠭᠲᠤ ᠪᠠᠷᠢᠪᠴᠢᠯᠠᠭᠳᠠᠪᠠ
ᠨᠡᠶᠢᠲᠡᠯᠡᠭᠰᠡᠨ ᠴᠠᠭ᠄
2023/6/29
      27 ᠤ ᠡᠳᠦᠷ᠂ ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ︽︿ᠬᠠᠮᠵᠢᠨ ᠪᠠᠶᠢᠴᠠᠭᠠᠬᠤ ᠮᠡᠳᠡᠭᠳᠡᠯ﹀ ᠢ ᠬᠦᠴᠦᠨ  ᠥᠬᠡᠶ ᠪᠣᠯᠭᠠᠬᠤ ᠲᠤᠬᠠᠶ ᠮᠡᠳᠡᠭᠳᠡᠯ︾ ᠨᠡᠶᠢᠲᠡᠯᠡᠪᠡ᠄             2023 ᠣᠨ ᠤ 6 ᠰᠠᠷ᠎ᠠ ᠶᠢᠨ 24 ᠤ ᠡᠳᠦᠷ ᠤᠨ 20 ᠴᠠᠭ ᠤᠨ ᠦᠶ᠎ᠡ ᠪᠠᠷ᠂ ᠬᠤᠷᠴᠢᠨ  ᠪᠠᠷᠠᠭᠤᠨ  ᠭᠠᠷᠤᠨ ᠳᠤᠮᠳᠠᠳᠤ ᠬᠤᠰᠢᠭᠤᠨ ᠤ ᠲᠡᠯᠡᠭᠡᠨᠮᠤᠳᠤ ᠪᠠᠯᠭᠠᠰᠤᠨ ᠤ ᠬᠠᠷᠠᠬᠠᠳᠠ ᠭᠠᠴᠠᠭᠠᠨ ᠤ ᠬᠠᠰᠢᠶ᠎ᠠ ᠠᠶᠢᠯ ᠳᠤ ᠬᠦᠨᠳᠦ ᠶᠡᠭᠡ  ᠡᠷᠡᠭᠦᠦ ᠶᠢᠨ ᠬᠡᠷᠡᠭ ᠭᠠᠷᠴᠤ᠂ ᠶᠠᠯ᠎ᠠ ᠬᠢᠭᠰᠡᠨ ᠰᠡᠵᠢᠭᠳᠡᠨ ᠴᠠᠩ ᠣᠪᠣᠭᠲᠤ ᠤᠷᠭᠤᠨ  ᠳᠤᠲᠠᠭᠠᠪᠠ᠃ ᠶᠠᠯ᠎ᠠ ᠬᠢᠭᠰᠡᠨ ᠰᠡᠵᠢᠭᠳᠡᠨ ᠢ ᠠᠯᠢ ᠲᠦᠷᠭᠡᠨ ᠢᠶᠠᠷ ᠪᠠᠷᠢᠪᠴᠢᠯᠠᠬᠤ ᠶᠢᠨ ᠲᠥᠯᠥᠭᠡ᠂ ᠲᠣᠪᠴᠢᠶ᠎ᠠ ᠶᠢᠨ ᠲᠠᠯ᠎ᠠ ᠠᠴᠠ 6 ᠰᠠᠷ᠎ᠠ ᠶᠢᠨ 25 ᠤ ᠡᠳᠦᠷ ︽ᠬᠠᠮᠵᠢᠨ ᠪᠠᠶᠢᠴᠠᠭᠠᠬᠤ ᠮᠡᠳᠡᠭᠳᠡᠯ︾ ᠨᠡᠶᠢᠲᠡᠯᠡᠪᠡ᠃ 6 ᠰᠠᠷ᠎ᠠ ᠶᠢᠨ 27 ᠤ ᠡᠳᠦᠷ ᠤᠨ 19 ᠴᠠᠭ 30 ᠮᠢᠨᠦ᠋ᠲ ᠤᠨ ᠦᠶ᠎ᠡ ᠪᠠᠷ ᠶᠠᠯ᠎ᠠ ᠬᠢᠭᠰᠡᠨ  ᠰᠡᠵᠢᠭᠳᠡᠨ ᠴᠠᠩ ᠣᠪᠣᠭᠲᠤ ᠴᠠᠭᠳᠠᠭ᠎ᠠ ᠳᠤ  ᠪᠠᠷᠢᠪᠴᠢᠯᠠᠭᠳᠠᠵᠠᠢ᠃ ᠡᠳᠦᠭᠡ 6 ᠰᠠᠷ᠎ᠠ ᠶᠢᠨ  25 ᠤ ᠡᠳᠦᠷ ᠨᠡᠶᠢᠲᠡᠯᠡᠭᠰᠡᠨ ︽ᠬᠠᠮᠵᠢᠨ ᠪᠠᠶᠢᠴᠠᠭᠠᠬᠤ ᠮᠡᠳᠡᠭᠳᠡᠯ︾ ᠢ ᠬᠦᠴᠦᠨ ᠥᠬᠡᠶ ᠪᠣᠯᠭᠠᠪᠠ᠃ᠢᠷᠡᠯᠳᠡ᠄ ᠠᠷᠠᠳ ᠤᠨ ᠰᠦᠯᠵᠢᠶ᠎ᠡ  
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1