ᠲᠣᠰᠬᠤᠨ ᠤ ᠵᠠᠮ ᠤᠨ Y520 ᠡᠮᠦᠨ᠎ᠡ ᠵᠡᠭᠡᠯᠢ —ᠵᠦᠩ ᠲᠠᠨ ᠱᠤᠭᠤᠮ ︵K0+000+K1+520 ᠬᠡᠰᠡᠭ︶ ᠤᠨ ᠵᠠᠰᠠᠮᠠᠯ ᠵᠠᠮ ᠢ ᠪᠢᠲᠡᠭᠦᠮᠵᠢᠯᠡᠨ ᠵᠠᠰᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/6/29
ᠲᠣᠰᠬᠤᠨ ᠤ ᠵᠠᠮ ᠤᠨ Y520 ᠡᠮᠦᠨ᠎ᠡ ᠵᠡᠭᠡᠯᠢ —ᠵᠦᠩ ᠲᠠᠨ ᠱᠤᠭᠤᠮ ︵K0+000+K1+520 ᠬᠡᠰᠡᠭ︶ ᠤᠨ ᠵᠠᠰᠠᠮᠠᠯ ᠵᠠᠮ ᠢ ᠪᠢᠲᠡᠭᠦᠮᠵᠢᠯᠡᠨ ᠵᠠᠰᠠᠬᠤ ᠲᠤᠬᠠᠢ ᠵᠠᠷᠯᠠᠯ      ᠰᠢᠶᠠᠩ ᠤᠨ ᠵᠠᠮ ᠤᠨ Y520 ᠡᠮᠦᠨ᠎ᠡ ᠵᠡᠭᠡᠯᠢ—ᠵᠥᠩ ᠲᠠᠨ ᠱᠤᠭᠤᠮ ︵K0+000-K1+520 ᠬᠡᠰᠡᠭ︶ ᠲᠤ ᠵᠠᠰᠠᠮᠠᠯ ᠵᠠᠮ ᠤᠨ ᠥᠭᠡᠷᠡᠴᠢᠯᠡᠯᠲᠡ ᠬᠢᠬᠦ ᠬᠡᠷᠡᠭᠴᠡᠭᠡ ᠠᠴᠠ ᠪᠣᠯᠵᠤ᠂ ᠵᠠᠰᠠᠮᠠᠯ ᠵᠠᠮ ᠤᠨ ᠭᠠᠳᠠᠭᠰᠢ ᠶᠠᠪᠤᠬᠤ ᠦᠢᠯᠡᠴᠢᠯᠡᠭᠡᠨ ᠤ ᠴᠢᠳᠠᠪᠤᠷᠢ ᠶᠢ ᠴᠠᠭ ᠲᠤᠬᠠᠢ ᠳᠤᠨᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠲᠣᠬᠢᠷᠠᠭᠤᠯᠤᠯᠲᠠ ᠪᠠᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠭᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠣᠰ ᠵᠠᠮ ᠤᠨ ᠬᠡᠰᠡᠭ ᠢ ᠪᠦᠬᠦᠨ ᠢ ᠪᠢᠲᠡᠭᠦᠮᠵᠢᠯᠡᠬᠦ ᠠᠵᠢᠯ ᠬᠢᠨ᠎ᠡ᠂ ᠲᠣᠰ ᠤᠳᠠᠭᠠᠨ ᠤ ᠪᠢᠲᠡᠭᠦᠮᠵᠢᠯᠡᠭᠰᠡᠨ ᠵᠠᠮ ᠤᠨ ᠬᠡᠰᠡᠭ ᠤᠨ ᠲᠡᠷᠭᠡ ᠬᠥᠰᠬᠡ ᠶᠢ ᠤᠯᠤᠰ ᠤᠨ ᠵᠠᠮ ᠤᠨ G512᠂ ᠬᠠᠲᠤᠨ ᠭᠤᠣᠯ ᠤᠨ ᠶᠡᠭᠡ ᠳᠠᠯᠠᠩ᠂ ᠰᠢᠶᠠᠨ ᠤ ᠵᠠᠮ ᠤᠨ X014᠂ ᠰᠢᠶᠠᠨ ᠤ ᠵᠠᠮ ᠤᠨ X023 ᠵᠡᠷᠭᠡ ᠵᠠᠮ ᠢᠶᠠᠷ ᠲᠣᠭᠤᠷᠢᠵᠤ ᠶᠠᠪᠤᠬᠤ ᠬᠡᠷᠡᠭᠲᠡᠢ᠃ ᠪᠠᠷᠢᠯᠭ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠳᠣᠣᠷᠠᠬᠢ ᠮᠡᠲᠦ᠄       ᠨᠢᠭᠡ᠂ ᠪᠢᠲᠡᠭᠦᠮᠵᠢᠯᠡᠬᠦ ᠵᠠᠮ ᠤᠨ ᠬᠡᠰᠡᠭ᠄      ᠰᠢᠶᠠᠩ ᠤᠨ ᠵᠠᠮ ᠤᠨ Y520 ᠡᠮᠦᠨ᠎ᠡ ᠵᠡᠭᠡᠯᠢ—ᠵᠦᠩ ᠲᠠᠨ ᠱᠤᠭᠤᠮ ︵K0+000 ︵ᠲᠣᠭᠲᠠᠬᠤ ᠰᠢᠶᠠᠨ ᠤ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠪᠠᠷᠠᠭᠤᠨ︶—K1+520 ︵ᠲᠣᠭᠲᠠᠬᠤ ᠰᠢᠶᠠᠨ ᠤ  ᠡᠮᠦᠨ᠎ᠡ ᠨᠠᠭᠤᠷ ᠤᠨ ᠪᠠᠷᠠᠭᠤᠨ︶ ᠤᠨ ᠬᠡᠰᠡᠭ︶      ᠬᠤᠶᠠᠷ᠂ ᠪᠢᠲᠡᠭᠦᠮᠵᠢᠯᠡᠬᠦ ᠴᠠᠭ ᠬᠤᠭᠤᠴᠠᠭ᠎ᠠ᠄      2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠤᠨ 0 ᠴᠠᠭ ᠠᠴᠠ 7  ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠃      ᠭᠤᠷᠪᠠ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ᠂ ᠰᠤᠮᠤ ᠶᠢᠨ ᠵᠠᠮ ᠤᠨ Y520 ︵ᠡᠮᠦᠨ᠎ᠡ ᠵᠡᠭᠡᠯᠢ— ᠵᠦᠩ ᠲᠠᠨ︶ ᠱᠤᠭᠤᠮ ︵K0+000 ︵ᠲᠣᠭᠲᠠᠬᠤ ᠰᠢᠶᠠᠨ ᠤ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠪᠠᠷᠠᠭᠤᠨ︶-K1+520︵ᠲᠣᠭᠲᠠᠬᠤ ᠰᠢᠶᠠᠨ ᠤ  ᠡᠮᠦᠨ᠎ᠡ ᠨᠠᠭᠤᠷ ᠤᠨ ᠪᠠᠷᠠᠭᠤᠨ︶ ᠤᠨ ᠬᠡᠰᠡᠭ︶ ᠲᠤ ᠠᠯᠢᠪᠠ ᠲᠡᠷᠭᠡ ᠬᠥᠰᠬᠡ᠂ ᠶᠠᠪᠠᠭᠠᠨ ᠬᠥᠮᠥᠨ ᠤ ᠶᠠᠪᠤᠬᠤ ᠶᠢ ᠴᠠᠭᠠᠵᠠᠯᠠᠵᠤ᠂ ᠨᠠᠰᠢ ᠴᠠᠰᠢ ᠶᠠᠪᠤᠬᠤ ᠲᠡᠷᠭᠡ ᠬᠥᠰᠬᠡ᠂ ᠶᠠᠪᠠᠭᠠᠨ ᠬᠥᠮᠥᠨ ᠲᠣᠭᠤᠷᠢᠵᠤ ᠶᠠᠪᠤᠬᠤ ᠵᠠᠮ ᠢ ᠵᠣᠬᠢᠰᠲᠠᠢ ᠰᠣᠩᠭᠤᠭᠠᠷᠠᠢ᠃      ᠳᠥᠷᠪᠡ᠂ ᠵᠠᠮ ᠪᠢᠲᠡᠭᠦᠮᠵᠢᠯᠡᠭᠳᠡᠭᠰᠡᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠥᠷᠭᠡᠨ ᠤᠯᠠᠨ ᠲᠦᠮᠡᠨ ᠣᠶᠢᠯᠠᠭᠠᠬᠤ ᠪᠣᠯᠪᠠᠤ᠃                    ᠡᠭᠦᠨ ᠤ ᠲᠤᠯᠠ ᠣᠨᠴᠠᠭᠠᠶᠢᠯᠠᠨ ᠵᠠᠷᠯᠠᠪᠠ᠃              ᠲᠣᠭᠲᠠᠬᠤ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ         ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠭᠲᠠᠬᠤ ᠰᠢᠶᠠᠨ ᠤ ᠶᠡᠭᠡ ᠠᠩᠭᠢ                      2023 ᠣᠨ ᠤ 6 ᠳ᠋ᠤᠭᠠᠷ ᠰᠠᠷ᠎ᠠ ᠶᠢᠨ 27 ᠤ ᠡᠳᠦᠷᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1