ᠲᠤᠭᠳᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠲᠡᠭᠡᠳᠦ  ᠭᠤᠷᠪᠠᠳᠤᠭᠠᠷ ᠤᠨ ᠤ ᠰᠤᠷᠤᠭᠴᠢᠳ  ᠤᠨ ᠰᠤᠷᠤᠯᠭ᠎ᠠ ᠲᠡᠭᠦᠰᠬᠦ ᠶᠣᠰᠣᠯᠠᠯ ᠶᠠᠪᠤᠬᠳᠠᠭᠤᠯᠪᠠ
ᠨᠡᠶᠢᠲᠡᠯᠡᠭᠰᠡᠨ ᠴᠠᠭ᠄
2023/6/5
      6 ᠳ᠋ᠤᠭᠠᠷ ᠰᠠᠷ᠎ᠠ ᠶᠢᠨ 2 ᠤ ᠡᠳᠦᠷ᠂ ᠲᠤᠭᠳᠠᠬᠤ ᠰᠢᠶᠠᠨ ᠤ ᠨᠢᠭᠡᠳᠦᠭᠡᠷ ᠳᠤᠮᠳᠠᠳᠤ  ᠰᠤᠷᠭᠠᠭᠤᠯᠢ   ᠨᠢ  ᠲᠡᠭᠦᠰᠬᠦ  ᠰᠤᠷᠤᠭᠴᠢᠳ ᠤᠨ ᠠᠶᠠᠨ ᠤ ᠲᠥᠷᠥᠭᠡ ᠶᠢ ᠨᠢ ᠴᠢᠩᠭᠠᠯᠠᠵᠤ᠂ ᠠᠬᠢᠨ ᠲᠠᠪᠰᠢᠬᠤ ᠢᠲᠡᠭᠡᠯ ᠢ ᠨᠢ ᠮᠢᠯᠢᠶᠠᠬᠤ ᠲᠡᠭᠦᠰᠬᠦ ᠶᠣᠰᠤᠯᠠᠯ ᠢ  ᠠᠮᠵᠢᠯᠲᠠ   ᠲᠠᠢ ᠶᠠᠪᠤᠭᠳᠠᠭᠤᠯᠤᠭᠰᠠᠨ ᠪᠠᠶᠢᠨ᠎ᠠ᠃              ᠲᠤᠭᠳᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ ᠵᠢᠴᠢ ᠲᠡᠭᠡᠳᠦ ᠭᠤᠷᠪᠠᠳᠤᠭᠠᠷ ᠤᠨ ᠤ ᠪᠦᠬᠦ ᠪᠠᠭᠰᠢ ᠰᠤᠷᠤᠭᠴᠢ ᠶᠤᠰᠤᠯᠠᠯ ᠳᠤ ᠤᠷᠤᠯᠴᠠᠵᠠᠢ᠃              ᠶᠣᠰᠣᠯᠠᠯ ᠲᠡᠭᠡᠷ᠎ᠡ᠂ ᠲᠤᠭᠳᠠᠬᠤ ᠰᠢᠶᠠᠨ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ  ᠠᠴᠠ ᠠᠶᠠᠨ ᠤ ᠭᠠᠨᠵᠤᠭ᠎ᠠ ᠮᠢᠯᠢᠶᠠᠬᠤ ᠦᠭᠡ ᠬᠡᠯᠡᠵᠦ᠂ ᠰᠢᠯᠢᠳᠡᠭ ᠲᠡᠭᠦᠰᠬᠦ ᠰᠤᠷᠤᠭᠴᠢ ᠶᠢ ᠵᠤᠷᠢᠭᠵᠢᠭᠤᠯᠤᠨ ᠬᠦᠬᠢᠬᠦᠯᠵᠤ᠂ ᠲᠡᠬᠦᠰᠬᠦ  ᠰᠤᠷᠤᠭᠴᠢᠳ ᠲᠤ ᠲᠡᠭᠦᠰᠬᠦ ᠦᠨᠡᠮᠯᠠᠯ ᠤᠯᠭᠤᠪᠠ︔ ᠲᠡᠭᠦᠰᠬᠦ ᠠᠩᠬᠢ ᠶᠢᠨ ᠠᠩᠬᠢ ᠶᠢᠨ ᠲᠠᠷᠤᠭ᠎ᠠ ᠨᠡᠷ ᠠᠴᠠ ᠨᠤᠮ ᠤᠨ ᠪᠤᠯᠤᠩ ᠤᠨ ᠨᠤᠮ ᠵᠶ᠋ᠡᠨ‌‍ᠪᠤᠴᠠᠭᠠᠵᠤ᠂ ᠲᠡᠭᠦᠦ ᠨᠠᠷ ᠤᠨ ᠢᠶᠠᠨ ᠨᠤᠮ ᠢᠯᠡᠭᠦᠭᠡᠨ ᠤᠩᠰᠢᠵᠤ᠂ ᠨᠤᠮ ᠤᠨ ᠴᠠᠭᠠᠨ ᠪᠤᠶᠡᠨ ᠳᠤ  ᠢᠪᠡᠬᠡᠭᠲᠡᠵᠤ᠂ ᠦᠪᠡᠷ ᠦᠪᠡᠷ ᠤᠨ ᠬᠦᠰᠡᠯ ᠵᠤᠷᠢᠯᠲᠡ ᠳᠠᠭᠠᠨ ᠬᠦᠲᠦᠯᠦᠭᠲᠡᠵᠤ  ᠰᠠᠨᠠᠬᠰᠠᠨ ᠳᠠᠭᠠᠨ  ᠬᠦᠷᠬᠦ ᠪᠠᠷ  ᠴᠢᠷᠮᠠᠶᠢᠨ  ᠲᠡᠮᠡᠴᠡᠬᠦ ᠶᠢ ᠵᠤᠷᠢᠭᠵᠢᠭᠤᠯᠪ᠊ ‍ᠠ᠋︔ ᠲᠡᠭᠦᠰᠬᠦ ᠰᠤᠷᠤᠭᠴᠢᠳ ᠠᠴᠠ ᠪᠠᠰᠠ ᠤᠬᠠᠭᠠᠨ ᠤ ᠲᠡᠭᠷᠢ ᠶᠢ ᠨᠢ ᠭᠡᠶᠢᠭᠦᠯᠵᠤ᠂ ᠤᠶᠤᠨ ᠤ  ᠮᠡᠯᠮᠡᠢ ᠶᠢ   ᠨᠢ ᠭᠡᠷᠡᠯᠲᠦᠭᠦᠯᠦᠭᠰᠡᠨ ᠡᠷᠳᠡᠮᠳᠦ ᠪᠠᠭᠰᠢ ᠨᠠᠷ ᠲᠠᠭᠠᠨ ᠬᠠᠳᠠᠭ ᠡᠷᠭᠦᠨ ᠶᠤᠰᠤᠯᠠᠵᠤ ᠲᠠᠯᠠᠷᠬᠠᠯ ᠤᠨ ᠰᠡᠳᠭᠢᠯᠭᠡ ᠪᠠᠨ ᠢᠯᠡᠳᠬᠡᠭᠰᠡᠨ ᠪᠦᠬᠡᠳ ᠲᠡᠬᠦᠰᠬᠦ ᠰᠤᠷᠤᠭᠴᠢᠳ ᠤᠨ ᠲᠦᠯᠦᠭᠡᠯᠡᠭᠴᠢ ᠪᠠ ᠲᠡᠬᠦᠰᠬᠦ ᠠᠩᠬᠢ ᠶᠢᠨ ᠪᠠᠭᠰᠢ ᠰᠡᠳᠬᠢᠭᠳᠡᠯ  ᠢᠶᠠᠨ ᠬᠤᠪᠢᠶᠠᠯᠴᠠᠭᠰᠠᠨ ᠪᠠᠶᠢᠨ᠎ᠠ᠃              ᠶᠤᠰᠤᠯᠠᠯ ᠤᠨ ᠲᠠᠷᠠᠭ᠎ᠠ᠂ ᠬᠠᠮᠲᠤ ᠶᠢᠨ ᠰᠡᠭᠦᠳᠡᠷ ᠲᠠᠳᠠᠵᠤ᠂ ᠲᠡᠭᠡᠳᠦ  ᠭᠤᠷᠪᠠᠳᠤᠭᠠᠷ ᠤᠨ ᠤ ᠪᠦᠬᠦ ᠪᠠᠭᠰᠢ ᠰᠤᠷᠤᠭᠴᠢᠳ ᠬᠠᠮᠳᠤᠪᠠᠷ ᠵᠤᠭᠠᠴᠠᠯ ᠬᠢᠵᠦ᠂ ᠪᠠᠭᠰᠢ ᠰᠤᠷᠤᠭᠴᠢ  ᠬᠠᠮᠳᠤᠪᠠᠷ ᠥᠩᠭᠡᠷᠡᠨ ᠤᠳᠤᠬᠰᠠᠨ ᠳᠤᠷᠠᠳᠬᠠᠯᠳᠤ ᠤᠨ ᠵᠢᠯ ᠢᠶᠠᠨ ᠲᠡᠮᠳᠡᠭᠯᠡᠵᠦ᠂ ᠮᠦᠷᠦᠭᠡᠳᠦᠯ ᠲᠠᠯᠠᠯᠤᠭᠰᠠᠨ ᠰᠢᠨ᠎ᠡ ᠠᠶᠠᠨ ᠢᠶᠠᠨ ᠥᠯᠵᠡᠢ ᠬᠡᠶᠢᠮᠦᠷᠢ  ᠲᠠᠢ ᠤᠭᠳᠤᠨ ᠠᠪᠬᠤ ᠶᠢᠨ ᠢᠷᠦᠭᠡᠯ ᠲᠡᠮᠪᠡᠷᠢᠯ ᠢᠶᠠᠨ ᠡᠷᠬᠦᠵᠡᠬᠡᠪᠡ᠃ ᠢᠷᠡᠯᠳᠠ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ                
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1