2023 ᠣᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ | ᠰᠢᠯᠭᠠᠯᠲᠠ ᠶᠢᠨ ᠬᠠᠯᠠᠭᠤᠨ ᠳᠣᠲᠣᠨᠣ ᠰᠠᠨᠠᠭᠤᠯᠤᠮᠵᠢ | 2023 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢ 6 ᠳ᠋ᠤᠭᠠᠷ | ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠂ ᠰᠢᠯᠭᠠᠭᠤᠯᠤᠭᠴᠢ ᠨᠢᠭᠡᠪᠦᠷᠢ ᠶᠢᠨ | ᠰᠢᠯᠭᠠᠯᠲᠠ ᠳᠤ ᠤᠷᠤᠭᠰᠢᠲᠠᠢ ᠣᠷᠣᠯᠴᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠣᠭᠲᠠᠬᠤ ᠰᠢᠶᠠᠨ ᠤ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠨᠴᠠᠭᠠᠶᠢᠯᠠᠨ ᠳᠣᠣᠷᠠᠬᠢ ᠮᠡᠲᠦ | ᠬᠠᠯᠠᠭᠤᠨ ᠳᠣᠲᠣᠨᠣ ᠰᠠᠨᠠᠭᠤᠯᠤᠮᠵᠢ ᠭᠠᠷᠭᠠᠪᠠ᠄ | ᠨᠢᠭᠡ᠂ ᠰᠢᠯᠭᠠᠭᠤᠯᠤᠭᠴᠢ ᠰᠢᠯᠭᠠᠯᠲᠠ ᠶᠢᠨ ᠴᠡᠭ ᠤᠨ ᠪᠠᠶᠢᠳᠠᠯ ᠢᠶᠠᠨ ᠦᠨᠳᠦᠰᠦᠯᠡᠨ᠂ ᠰᠢᠯᠭᠠᠯᠲᠠ ᠶᠢᠨ | ᠴᠡᠭ ᠲᠤ ᠬᠦᠷᠬᠦ ᠵᠠᠮ ᠢᠶᠠᠨ ᠤᠷᠢᠳᠴᠢᠯᠠᠨ ᠲᠣᠬᠢᠷᠠᠭᠤᠯᠵᠤ᠂ ᠰᠢᠯᠭᠠᠯᠲᠠ ᠡᠬᠢᠯᠡᠬᠦ ᠠᠴᠠ ᠡᠮᠦᠨ᠎ᠡ ᠨᠠᠭᠠᠲᠤ | ᠵᠠᠬ᠎ᠠ ᠳᠠᠭᠠᠨ 45 ᠮᠢᠨᠦ᠋ᠲ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠴᠦ ᠢᠷᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ | ᠬᠤᠶᠠᠷ᠂ ᠰᠢᠯᠭᠠᠯᠲᠠ ᠶᠢᠨ ᠲᠤᠬᠠᠢ ᠶᠢᠨ ᠡᠳᠦᠷ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ | ᠤᠷᠢᠳᠴᠢᠯᠠᠨ ᠠᠩᠬᠠᠷᠴᠤ᠂ ᠪᠣᠷᠣᠭᠠᠨ ᠠᠴᠠ ᠰᠡᠷᠭᠡᠶᠢᠯᠡᠵᠦ᠂ ᠬᠠᠯᠠᠭᠤᠨ ᠢ ᠪᠠᠭᠤᠷᠠᠭᠤᠯᠬᠤ ᠶᠢ ᠠᠩᠬᠠᠷᠴᠤ᠂ ᠨᠠᠰᠢ | ᠴᠠᠰᠢ ᠶᠠᠪᠤᠬᠤ ᠵᠠᠮ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ᠃ | ᠭᠤᠷᠪᠠ᠂ ᠰᠢᠯᠭᠠᠭᠤᠯᠤᠭᠴᠢ ᠳᠣᠣᠷᠠᠬᠢ ᠰᠢᠯᠭᠠᠯᠲᠠ ᠶᠢᠨ ᠳᠦᠷᠢᠮ ᠤᠳ ᠢ ᠰᠠᠶᠢᠨ ᠮᠡᠳᠡᠬᠦ ᠬᠡᠷᠡᠭᠲᠡᠢ᠄ | 1᠂ ᠰᠢᠯᠭᠠᠭᠤᠯᠤᠭᠴᠢ ᠰᠢᠯᠭᠠᠯᠲᠠ ᠳᠤ ᠬᠡᠷᠡᠭᠰᠡᠬᠦ 0.5 ᠮᠢᠯᠢᠮᠧᠲᠷ ᠤᠨ ᠬᠠᠷ᠎ᠠ ᠥᠰᠥᠭ ᠤᠨ ᠲᠢᠭ ᠤᠨ | ᠰᠠᠭᠠᠷᠮᠠᠭ ᠪᠢᠷ᠂ 2B ᠬᠠᠷᠠᠨᠳᠠ᠂ ᠭᠤᠮ᠂ ᠠᠰ ᠱᠤᠭᠤᠮ᠂ ᠭᠤᠷᠪᠠᠯᠵᠢᠨ ᠬᠠᠪᠲᠠᠰᠤ᠂ ᠭᠤᠷᠲᠢᠭ᠂ ᠬᠠᠷᠠᠨᠳᠠ | ᠵᠣᠷᠭᠤᠬᠤ ᠬᠢᠲᠤᠭ᠎ᠠ ᠵᠡᠷᠭᠡ ᠪᠢᠴᠢᠭ ᠤᠨ ᠬᠡᠷᠡᠭᠰᠡᠯ ᠢ ᠥᠪᠡᠷ ᠢᠶᠠᠨ ᠪᠡᠯᠡᠳᠬᠡᠵᠦ᠂ ᠪᠢᠴᠢᠭ ᠤᠨ ᠬᠡᠷᠡᠭᠰᠡᠯ ᠢᠶᠠᠨ ᠢᠯᠡ | ᠤᠭᠤᠲᠠᠨ ᠳᠤ ᠬᠢᠬᠦ ᠬᠡᠷᠡᠭᠲᠡᠢ᠃ ᠰᠢᠯᠭᠠᠯᠲᠠ ᠳᠤ ᠣᠷᠣᠯᠴᠠᠬᠤ ᠳᠠᠭᠠᠨ ᠡᠷᠬᠡᠪᠰᠢ ᠰᠢᠯᠭᠠᠭᠤᠯᠬᠤ ᠶᠢ ᠵᠥᠪᠰᠢᠶᠡᠷᠡᠭᠰᠡᠨ | ᠦᠨᠡᠮᠯᠡᠯ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠢ᠂ ᠰᠢᠯᠭᠠᠭᠤᠯᠬᠤ ᠶᠢ | ᠵᠥᠪᠰᠢᠶᠡᠷᠡᠭᠰᠡᠨ ᠦᠨᠡᠮᠯᠡᠯ ᠤᠨ ᠵᠥᠪ ᠪᠤᠷᠤᠭᠤ ᠬᠤᠶᠠᠷ ᠲᠠᠯ᠎ᠠ ᠶᠢ ᠪᠠᠯᠠᠯᠤᠨ ᠵᠠᠰᠠᠬᠤ ᠪᠤᠶᠤ ᠪᠢᠴᠢᠵᠦ ᠪᠣᠯᠬᠤ ᠦᠭᠡᠢ | ᠂ ᠪᠠᠯᠠᠯᠤᠨ ᠵᠠᠰᠠᠭᠴᠢ᠂ ᠵᠠᠰᠠᠬᠤ ᠪᠦᠰᠡ ᠶᠢ ᠠᠪᠴᠤ ᠶᠠᠪᠤᠬᠤ ᠪᠤᠶᠤ ᠬᠡᠷᠡᠭᠯᠡᠵᠦ ᠪᠣᠯᠬᠤ ᠦᠭᠡᠢ᠃ | 2᠂ ᠰᠢᠯᠭᠠᠭᠤᠯᠤᠭᠴᠢ ᠭᠠᠷ ᠤᠲᠠᠰᠤ᠂ ᠭᠠᠷ ᠴᠠᠭ᠂ ᠲᠡᠮᠦᠷᠯᠢᠭ ᠵᠠᠰᠠᠯ ᠵᠢᠮᠰᠡᠭ᠂ ᠨᠣᠮ ᠪᠢᠴᠢᠭ ᠮᠠᠲ᠋ᠧᠷᠢᠶᠠᠯ | ᠂ ᠬᠠᠭᠤᠯᠪᠤᠷᠢ᠂ ᠡᠬᠡ ᠪᠢᠴᠢᠭ ᠤᠨ ᠴᠠᠭᠠᠰᠤ᠂ ᠡᠯᠧᠺᠲᠷᠣᠨ ᠲᠥᠬᠦᠭᠡᠷᠦᠮᠵᠢ᠂ ᠪᠢᠴᠢᠭ ᠤᠨ ᠪᠣᠭᠴᠣ ᠵᠡᠷᠭᠡ | ᠶᠠᠭᠤᠮ᠎ᠠ ᠪᠠᠨ ᠰᠢᠯᠭᠠᠯᠲᠠ ᠶᠢᠨ ᠴᠡᠭ ᠲᠤ ᠠᠪᠴᠤ ᠣᠷᠣᠵᠤ ᠪᠣᠯᠬᠤ ᠦᠭᠡᠢ᠂ ᠡᠰᠡ ᠲᠡᠭᠡᠪᠡᠯ ᠰᠢᠯᠭᠠᠯᠲᠠ ᠶᠢᠨ | ᠲᠣᠭᠲᠠᠭᠠᠯ ᠢ ᠵᠥᠷᠢᠴᠡᠭᠰᠡᠨ ᠢᠶᠠᠷ ᠰᠢᠢᠳᠪᠦᠷᠢᠯᠡᠨ᠎ᠡ᠃ | 3᠂ ᠰᠢᠯᠭᠠᠭᠤᠯᠤᠭᠴᠢ ᠨᠠᠭᠠᠲᠤ ᠵᠠᠬ᠎ᠠ ᠳᠠᠭᠠᠨ ᠰᠢᠯᠭᠠᠯᠲᠠ ᠡᠬᠢᠯᠡᠬᠦ ᠠᠴᠠ 45 ᠮᠢᠨᠦ᠋ᠲ ᠤᠨ ᠡᠮᠦᠨ᠎ᠡ | ᠰᠢᠯᠭᠠᠯᠲᠠ ᠶᠢᠨ ᠴᠡᠭ ᠲᠡᠭᠡᠨ ᠬᠦᠷᠴᠦ᠂ ᠪᠠᠶᠢᠴᠠᠭᠠᠯᠲᠠ ᠶᠢ ᠬᠦᠯᠢᠶᠡᠪᠡᠯ ᠰᠠᠶ᠋ᠢ ᠰᠢᠯᠭᠠᠯᠲᠠ ᠶᠢᠨ ᠴᠡᠭ ᠪᠠ | ᠰᠢᠯᠭᠠᠯᠲᠠ ᠶᠢᠨ ᠲᠠᠯᠠᠪᠤᠷ ᠲᠤ ᠣᠷᠣᠵᠤ ᠪᠣᠯᠣᠨ᠎ᠠ᠃ ᠲᠣᠭᠲᠠᠭᠰᠠᠨ ᠴᠠᠭ ᠲᠤ ᠰᠢᠯᠭᠠᠯᠲᠠ ᠶᠢᠨ ᠴᠡᠭ ᠲᠤ | ᠬᠦᠷᠦᠭᠰᠡᠨ ᠦᠭᠡᠢ᠂ ᠪᠠᠶᠢᠴᠠᠭᠠᠯᠲᠠ ᠶᠢ ᠬᠦᠯᠢᠶᠡᠭᠰᠡᠨ ᠠᠴᠠ ᠪᠣᠯᠵᠤ ᠰᠢᠯᠭᠠᠯᠲᠠ ᠶᠢᠨ ᠴᠠᠭ ᠢ ᠰᠠᠭᠠᠲᠠᠭᠠᠭᠰᠠᠨ | ᠪᠠᠶᠢᠪᠠᠯ᠂ ᠰᠢᠯᠭᠠᠭᠤᠯᠤᠭᠰᠠᠳ ᠥᠪᠡᠷ ᠢᠶᠠᠨ ᠬᠠᠷᠢᠭᠤᠴᠠᠯᠭ᠎ᠠ ᠶᠢ ᠬᠠᠷᠢᠭᠤᠴᠠᠨ᠎ᠠ᠃ ᠰᠢᠯᠭᠠᠯᠲᠠ ᠶᠢᠨ ᠴᠡᠭ ᠤᠨ | ᠡᠭᠦᠳᠡᠨ ᠳᠤ ᠣᠷᠣᠬᠤ ᠳᠠᠭᠠᠨ ᠭᠠᠷ ᠤᠲᠠᠰᠤ᠂ ᠪᠢᠴᠢᠭ ᠤᠨ ᠪᠣᠭᠴᠣ ᠵᠡᠷᠭᠡ ᠰᠢᠯᠭᠠᠯᠲᠠ ᠶᠢᠨ ᠴᠡᠭ ᠲᠤ ᠠᠪᠴᠤ | ᠣᠷᠣᠵᠤ ᠪᠣᠯᠬᠤ ᠦᠭᠡᠢ ᠶᠠᠭᠤᠮ᠎ᠠ ᠪᠠᠨ ᠭᠡᠷ ᠤᠨ ᠠᠬᠠᠮᠠᠳ ᠪᠤᠶᠤ ᠪᠠᠭᠰᠢ ᠨᠠᠷ ᠲᠤ ᠤᠷᠢᠳᠴᠢᠯᠠᠨ ᠲᠤᠰᠢᠶᠠᠵᠤ᠂ | ᠳᠠᠬᠢᠨ ᠰᠠᠨᠠᠭᠠᠴᠢᠯᠠᠭ᠎ᠠ ᠠᠴᠠ ᠪᠠᠨ ᠰᠢᠯᠭᠠᠯᠲᠠ ᠶᠢ ᠭᠥᠯᠢᠶᠡᠨ ᠠᠪᠬᠤ ᠠᠵᠢᠯᠲᠠᠨ ᠤ ᠠᠩᠬ᠎ᠠ ᠤᠳᠠᠭ᠎ᠠ ᠪᠡᠶ᠎ᠡ ᠶᠢᠨ | ᠪᠠᠶᠢᠴᠠᠭᠠᠯᠲᠠ ᠬᠢᠯᠭᠡᠨ᠎ᠡ᠃ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡᠨ ᠤ ᠰᠢᠯᠭᠠᠯᠲᠠ ᠶᠢᠨ ᠴᠡᠭ ᠢ | ᠲᠣᠬᠢᠷᠠᠭᠤᠯᠤᠭᠰᠠᠨ ᠪᠣᠯᠬᠤᠷ ᠰᠢᠯᠭᠠᠭᠤᠯᠤᠭᠴᠢ ᠪᠠᠰᠠ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡᠨ ᠤ ᠠᠮᠤᠷ | ᠲᠦᠪᠰᠢᠨ ᠤ ᠪᠠᠶᠢᠴᠠᠭᠠᠯᠲᠠ ᠶᠢ ᠬᠦᠯᠢᠶᠡᠬᠦ ᠴᠢᠬᠤᠯᠠᠲᠠᠢ ᠪᠠᠶᠢᠨ᠎ᠠ᠃ ᠪᠠᠶᠢᠴᠠᠭᠠᠯᠲᠠ ᠶᠢ ᠥᠩᠭᠡᠷᠡᠭᠡᠭᠰᠡᠨ ᠤ ᠳᠠᠷᠠᠭ᠎ᠠ | ᠮᠥᠷᠯᠡᠵᠦ ᠪᠠᠶᠢᠭᠠᠳ ᠪᠡᠶ᠎ᠡ ᠶᠢᠨ ᠬᠢᠷᠢ ᠬᠡᠮ ᠤᠨ ᠰᠢᠯᠭᠠᠨ ᠪᠠᠶᠢᠴᠠᠭᠠᠯᠲᠠ ᠪᠠ ᠪᠡᠶ᠎ᠡ ᠶᠢᠨ ᠡᠷᠡᠭᠦᠯ ᠴᠢᠭᠢᠷᠠᠭ ᠤᠨ | ᠪᠠᠶᠢᠴᠠᠭᠠᠯᠲᠠ ᠬᠢᠨ᠎ᠡ᠃ ᠰᠢᠯᠭᠠᠨ ᠪᠠᠲᠤᠯᠠᠭᠰᠠᠨ ᠤ ᠳᠠᠷᠠᠭ᠎ᠠ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠪᠠ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠯᠭᠠᠯᠲᠠ ᠶᠢᠨ ᠲᠠᠯᠠᠪᠤᠷ ᠲᠤ ᠣᠷᠣᠵᠤ᠂ ᠰᠢᠯᠭᠠᠯᠲᠠ | ᠬᠢᠨᠠᠭᠴᠢ ᠶᠢᠨ ᠪᠡᠶ᠎ᠡ ᠶᠢᠨ ᠬᠢᠷᠢ ᠬᠡᠮ ᠢ ᠰᠢᠯᠭᠠᠨ ᠪᠠᠲᠤᠯᠠᠬᠤ ᠪᠠ ᠲᠡᠮᠦᠷᠯᠢᠭ ᠬᠠᠶᠢᠨ ᠬᠡᠮᠵᠢᠬᠦ ᠬᠡᠮᠵᠢᠭᠦᠷᠯᠢᠭ ᠢ | ᠬᠡᠷᠡᠭᠯᠡᠨ ᠬᠤᠶᠠᠳᠠᠭᠢ ᠤᠳᠠᠭᠠᠨ ᠤ ᠪᠡᠶ᠎ᠡ ᠶᠢᠨ ᠪᠠᠶᠢᠴᠠᠭᠠᠯᠲᠠ ᠬᠢᠬᠦ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | 4᠂ ᠰᠢᠯᠭᠠᠭᠤᠯᠤᠭᠴᠢ ᠳ᠋ᠤᠭᠠᠷ ᠢᠶᠠᠷ ᠢᠶᠠᠨ ᠰᠠᠭᠤᠳᠠᠯ ᠳᠤ ᠰᠠᠭᠤᠭᠰᠠᠨ ᠤ ᠳᠠᠷᠠᠭ᠎ᠠ᠂ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠢᠮᠠᠭᠲᠠ ᠰᠢᠷᠡᠭᠡᠨ ᠨᠢᠭᠤᠷ ᠤᠨ | ᠵᠡᠭᠦᠨ ᠳᠡᠭᠡᠷ᠎ᠡ ᠥᠨᠴᠥᠭ ᠲᠤ ᠲᠠᠯᠪᠢᠵᠤ᠂ ᠬᠢᠨᠠᠨ ᠰᠢᠯᠭᠠᠬᠤ ᠳᠤ ᠲᠥᠬᠦᠮ ᠪᠣᠯᠭᠠᠨ᠎ᠠ᠃ ᠰᠢᠯᠭᠠᠭᠤᠯᠤᠭᠴᠢ | ᠰᠢᠯᠭᠠᠯᠳᠠ ᠶᠢᠨ ᠲᠤᠮᠳᠠ ᠠᠴᠠ ᠲᠠᠯᠠᠪᠤᠷ ᠠᠴᠠ ᠭᠠᠷᠴᠤ ᠪᠣᠯᠬᠤ ᠦᠭᠡᠢ᠂ ᠬᠡᠷᠪᠡ ᠪᠡᠶ᠎ᠡ ᠮᠠᠬᠠᠪᠤᠳ ᠨᠢ ᠬᠡᠪ ᠤᠨ | ᠪᠤᠰᠤ ᠪᠠᠶᠢᠳᠠᠯ ᠭᠠᠷᠪᠠᠯ ᠲᠡᠷᠡ ᠳᠠᠷᠤᠢ ᠳᠤᠨᠢ ᠰᠢᠯᠭᠠᠯᠲᠠ ᠬᠢᠨᠠᠭᠴᠢ ᠳᠤ ᠮᠡᠳᠡᠭᠦᠯᠬᠦ ᠬᠡᠷᠡᠭᠲᠡᠢ᠃ | 5᠂ ᠰᠢᠯᠭᠠᠭᠤᠯᠤᠭᠴᠢ ᠰᠢᠯᠭᠠᠯᠲᠠ ᠶᠢᠨ ᠬᠠᠭᠤᠳᠠᠰᠤ ᠪᠠ ᠰᠡᠳᠦᠪ ᠬᠠᠷᠢᠭᠤᠯᠬᠤ ᠺᠠᠷᠲ ᠢᠶᠠᠨ ᠣᠯᠣᠭᠰᠠᠨ ᠤ | ᠳᠠᠷᠠᠭ᠎ᠠ᠂ ᠬᠢᠴᠢᠶᠡᠯ ᠲᠥᠷᠥᠯ ᠤᠨ ᠵᠥᠪ ᠪᠠᠶᠢᠬᠤ ᠡᠰᠡᠬᠦ᠂ ᠣᠷᠬᠢᠭᠳᠠᠭᠤᠯᠤᠨ ᠳᠠᠷᠤᠮᠠᠯᠯᠠᠭᠰᠠᠨ᠂ ᠪᠤᠷᠤᠭᠤ | ᠳᠠᠷᠤᠮᠠᠯᠯᠠᠭᠰᠠᠨ᠂ ᠳᠠᠬᠢᠨ ᠳᠠᠷᠤᠮᠠᠯᠯᠠᠭᠰᠠᠨ ᠡᠰᠡᠬᠦ᠂ ᠥᠰᠥᠭ ᠤᠨ ᠲᠢᠭ ᠲᠣᠳᠣᠷᠬᠠᠢ ᠦᠭᠡᠢ᠂ ᠨᠢᠭᠤᠷ | ᠳᠤᠲᠠᠭᠳᠠᠭᠰᠠᠨ᠂ ᠳᠤᠲᠠᠭᠤ ᠳᠤᠲᠠᠭᠳᠠᠭᠰᠠᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠬᠠᠷᠭᠤᠭᠤᠯᠵᠤ ᠦᠵᠡᠬᠦ ᠬᠡᠷᠡᠭᠲᠡᠢ᠂ | ᠠᠯᠳᠠᠭ᠎ᠠ ᠦᠭᠡᠢ ᠪᠣᠯ ᠰᠢᠯᠭᠠᠯᠲᠠ ᠶᠢᠨ ᠬᠠᠭᠤᠳᠠᠰᠤ ᠶᠢ ᠬᠤᠪᠢᠶᠠᠨ ᠲᠠᠷᠬᠠᠭᠠᠭᠰᠠᠨ ᠬᠠᠷᠢᠴᠠᠭᠤᠯᠤᠭᠰᠠᠨ | ᠬᠦᠰᠦᠨᠦᠭᠲᠦ ᠳᠡᠭᠡᠷ᠎ᠡ ᠭᠠᠷ ᠤᠨ ᠥᠰᠥᠭ ᠵᠢᠷᠤᠨ᠎ᠠ᠃ ᠠᠰᠠᠭᠤᠳᠠᠯ ᠢ ᠣᠯᠵᠤ ᠮᠡᠳᠡᠪᠡᠯ ᠳᠠᠷᠤᠶᠢᠬᠠᠨ ᠭᠠᠷ ᠡᠷᠭᠦᠨ | ᠮᠡᠳᠡᠭᠦᠯᠵᠦ᠂ ᠰᠣᠯᠢᠬᠤ ᠪᠠᠷ ᠭᠤᠶᠤᠴᠢᠯᠠᠨ᠎ᠠ᠃ ᠰᠢᠯᠭᠠᠯᠲᠠ ᠡᠬᠢᠯᠡᠭᠰᠡᠨ ᠤ ᠳᠠᠷᠠᠭ᠎ᠠ ᠰᠣᠯᠢᠬᠤ ᠪᠠᠷ ᠱᠠᠭᠠᠷᠳᠠᠭᠰᠠᠨ | ᠪᠦᠬᠦᠨ ᠤ ᠰᠠᠭᠠᠲᠠᠭᠠᠭᠰᠠᠨ ᠰᠢᠯᠭᠠᠯᠲᠠ ᠶᠢᠨ ᠴᠠᠭ ᠢ ᠤᠷᠲᠤᠳᠬᠠᠵᠤ ᠪᠣᠯᠬᠤ ᠦᠭᠡᠢ᠃ ᠰᠢᠯᠭᠠᠯᠲᠠ ᠶᠢᠨ | ᠰᠡᠳᠦᠪ ᠤᠨ ᠠᠭᠤᠯᠭ᠎ᠠ ᠳᠤ ᠬᠤᠯᠪᠣᠭᠳᠠᠭᠰᠠᠨ ᠮᠠᠳᠠᠭ ᠲᠠᠢ ᠠᠰᠠᠭᠤᠳᠠᠯ ᠢ ᠰᠢᠯᠭᠠᠯᠲᠠ ᠬᠢᠨᠠᠭᠴᠢ ᠠᠴᠠ ᠯᠠᠪᠯᠠᠨ | ᠠᠰᠠᠭᠤᠵᠤ ᠪᠣᠯᠬᠤ ᠦᠭᠡᠢ᠃ ᠰᠣᠨᠣᠰᠬᠤ ᠴᠢᠳᠠᠪᠤᠷᠢ ᠶᠢᠨ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ | ᠬᠢᠨᠠᠭᠴᠢ ᠠᠴᠠ ᠯᠠᠪᠯᠠᠨ ᠠᠰᠠᠭᠤᠬᠤ ᠶᠢᠨ ᠬᠠᠮᠲᠤ ᠨᠠᠮ ᠵᠢᠮ ᠪᠠᠶᠢᠨ᠎ᠠ᠃ | 6᠂ ᠰᠢᠯᠭᠠᠭᠤᠯᠤᠭᠴᠢ ᠰᠢᠯᠭᠠᠯᠲᠠ ᠶᠢᠨ ᠬᠠᠭᠤᠳᠠᠰᠤ ᠪᠠ ᠰᠡᠳᠦᠪ ᠬᠠᠷᠢᠭᠤᠯᠬᠤ ᠺᠠᠷᠲ ᠤᠨ ᠲᠣᠭᠲᠠᠭᠰᠠᠨ | ᠪᠠᠶᠢᠷᠢᠨ ᠳᠤ ᠣᠪᠣᠭ ᠨᠡᠷ᠎ᠡ᠂ ᠰᠢᠯᠭᠠᠭᠤᠯᠤᠭᠴᠢ ᠶᠢᠨ ᠨᠣᠮᠧᠷ᠂ ᠰᠠᠭᠤᠳᠠᠯ ᠤᠨ ᠨᠣᠮᠧᠷ ᠢ ᠣᠨᠣᠪᠴᠢᠲᠠᠶ᠂ | ᠲᠣᠳᠣᠷᠬᠠᠢ ᠲᠠᠭᠯᠠᠨ ᠪᠢᠴᠢᠬᠦ ᠶᠢᠨ ᠬᠠᠮᠲᠤ ᠰᠡᠳᠦᠪ ᠬᠠᠷᠢᠭᠤᠯᠬᠤ ᠺᠠᠷᠲ ᠤᠨ ᠲᠣᠭᠲᠠᠭᠰᠠᠨ ᠪᠠᠶᠢᠷᠢᠨ ᠳᠤ ᠺᠣᠳ᠋ | ᠵᠡᠷᠭᠡ ᠶᠢ ᠨᠠᠭᠠᠬᠤ ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠶᠢ ᠬᠤᠪᠢᠶᠠᠨ ᠲᠠᠷᠬᠠᠭᠠᠬᠤ ᠬᠠᠷᠢᠴᠠᠭᠤᠯᠤᠯ ᠤᠨ | ᠬᠦᠰᠦᠨᠦᠭ ᠳᠡᠭᠡᠷ᠎ᠡ ᠭᠠᠷ ᠤᠨ ᠦᠰᠦᠭ ᠵᠢᠷᠤᠭᠰᠠᠨ ᠦᠭᠡᠢ ᠪᠤᠶᠤ ᠲᠤᠰ ᠬᠥᠮᠥᠨ ᠤ ᠰᠢᠯᠭᠠᠯᠲᠠ ᠳᠤ ᠣᠷᠣᠯᠴᠠᠬᠤ | ᠬᠢᠴᠢᠶᠡᠯ ᠲᠥᠷᠥᠯ ᠢᠶᠠᠨ ᠨᠠᠷᠢᠨ ᠬᠢᠨᠠᠮᠠᠭᠠᠢ ᠬᠠᠷᠭᠤᠭᠤᠯᠤᠭᠰᠠᠨ ᠦᠭᠡᠢ ᠪᠣᠯ ᠡᠰᠡᠬᠦᠯ᠎ᠡ ᠺᠣᠳ᠋ ᠤᠨ | ᠰᠢᠯᠭᠠᠭᠤᠯᠤᠭᠴᠢ ᠶᠢᠨ ᠮᠡᠳᠡᠭᠡ ᠵᠠᠩᠭᠢ ᠨᠢ ᠲᠣᠰ ᠬᠥᠮᠥᠨ ᠲᠠᠢ ᠨᠢ ᠠᠳᠠᠯᠢ ᠪᠠᠶᠢᠬᠤ ᠡᠰᠡᠬᠦ ᠶᠢ ᠬᠢᠨᠠᠮᠠᠭᠠᠢ | ᠬᠠᠷᠭᠤᠭᠤᠯᠤᠭᠰᠠᠨ ᠦᠭᠡᠢ᠂ ᠺᠣᠳ᠋ ᠤᠨ ᠣᠨᠣᠪᠴᠢ ᠦᠭᠡᠢ᠂ ᠪᠤᠷᠤᠭᠤ ᠲᠠᠭᠯᠠᠭᠰᠠᠨ ︵ᠲᠦᠷᠬᠢᠭᠰᠡᠨ︶ ᠪᠤᠶᠤ | ᠪᠢᠴᠢᠭᠰᠡᠨ ᠥᠰᠥᠭ ᠤᠨ ᠲᠢᠭ ᠨᠢ ᠲᠣᠳᠣᠷᠬᠠᠢ ᠦᠭᠡᠢ ᠰᠡᠳᠦᠪ ᠬᠠᠷᠢᠭᠤᠯᠬᠤ ᠺᠠᠷᠲ ᠢ ᠨᠠᠭᠠᠭᠰᠠᠨ ᠠᠴᠠ ᠪᠣᠯᠵᠤ | ᠰᠢᠯᠭᠠᠯᠲᠠ ᠶᠢᠨ ᠬᠢᠴᠢᠶᠡᠯ ᠲᠥᠷᠥᠯ ᠨᠢ ᠨᠡᠶᠢᠴᠡᠬᠦ ᠦᠭᠡᠢ ᠪᠣᠯᠵᠤ᠂ ᠰᠢᠯᠭᠠᠯᠲᠠ ᠶᠢᠨ ᠬᠠᠭᠤᠳᠠᠰᠤ ᠶᠢ ᠰᠢᠷᠪᠢᠬᠦ᠂ | ᠰᠢᠯᠭᠠᠯᠲᠠ ᠶᠢ ᠦᠨᠡᠯᠡᠭᠰᠡᠨ ᠦᠷ᠎ᠡ ᠳ᠋ᠦᠩ ᠵᠡᠷᠭᠡ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ ᠴᠥᠮ | ᠰᠢᠯᠭᠠᠭᠤᠯᠤᠭᠴᠢ ᠥᠪᠡᠰᠦᠪᠡᠨ ᠬᠠᠷᠢᠭᠤᠴᠠᠨ᠎ᠠ᠃ | 7᠂ ᠰᠢᠯᠭᠠᠭᠤᠯᠤᠭᠴᠢ ᠰᠡᠳᠦᠪ ᠬᠠᠷᠢᠭᠤᠯᠬᠤ ᠺᠠᠷᠲ ᠢ ᠡᠪᠬᠡᠵᠦ᠂ ᠤᠷᠠᠵᠤ ᠪᠣᠯᠬᠤ ᠦᠭᠡᠢ︔ ᠰᠡᠳᠦᠪ | ᠬᠠᠷᠢᠭᠤᠯᠬᠤ ᠺᠠᠷᠲ ᠳᠡᠭᠡᠷ᠎ᠡ ᠨᠦᠬᠡᠯᠡᠬᠦ᠂ ᠳᠤᠷ᠎ᠠ ᠪᠠᠷ ᠢᠶᠠᠨ ᠡᠷᠢᠶᠡᠴᠢᠵᠦ ᠵᠢᠷᠤᠬᠤ ᠪᠤᠶᠤ ᠲᠡᠮᠳᠡᠭ ᠲᠠᠯᠪᠢᠵᠤ ᠪᠣᠯᠬᠤ | ᠦᠭᠡᠢ᠂ ᠲᠣᠭᠲᠠᠭᠠᠯ ᠠᠴᠠ ᠭᠠᠳᠠᠨᠠᠬᠢ ᠪᠢᠷ ᠪᠠ ᠴᠠᠭᠠᠰᠤ ᠪᠠᠷ ᠰᠡᠳᠦᠪ ᠬᠠᠷᠢᠭᠤᠯᠵᠤ ᠪᠣᠯᠬᠤ ᠦᠭᠡᠢ᠂ ᠰᠡᠳᠦᠪ | ᠬᠠᠷᠢᠭᠤᠯᠬᠤ ᠺᠠᠷᠲ ᠳᠡᠭᠡᠷ᠎ᠡ ᠶᠠᠮᠠᠷ ᠴᠤ ᠲᠡᠮᠳᠡᠭ ᠲᠠᠯᠪᠢᠵᠤ ᠪᠣᠯᠬᠤ ᠦᠭᠡᠢ᠃ | 8᠂ ᠰᠢᠯᠭᠠᠭᠤᠯᠤᠭᠴᠢ ᠰᠢᠯᠭᠠᠯᠲᠠ ᠶᠢᠨ ᠬᠠᠭᠤᠳᠠᠰᠤ ︵ᠺᠠᠷᠲ︶ ᠳᠡᠭᠡᠷᠡᠬᠢ ᠠᠩᠬᠠᠷᠬᠤ ᠵᠦᠢᠯᠡᠰ ᠢ ᠨᠠᠷᠢᠨ | ᠬᠢᠨᠠᠮᠠᠭᠠᠢ ᠤᠩᠰᠢᠵᠤ᠂ ᠱᠠᠭᠠᠷᠳᠠᠯᠭ᠎ᠠ ᠶᠣᠰᠣᠭᠠᠷ ᠬᠠᠷᠢᠭᠤᠯᠬᠤ ᠬᠡᠷᠡᠭᠲᠡᠢ᠃ ᠰᠣᠩᠭᠤᠬᠤ ᠰᠡᠳᠦᠪ ᠢ ᠴᠥᠮ 2B | ᠬᠠᠷᠠᠨᠳᠠ ᠪᠠᠷ ᠲᠠᠭᠯᠠᠵᠤ᠂ ᠰᠡᠳᠦᠪ ᠬᠠᠷᠢᠭᠤᠯᠬᠤ ᠺᠠᠷᠲ ᠳᠡᠭᠡᠷᠡᠬᠢ ᠰᠡᠳᠦᠪ ᠤᠨ ᠨᠣᠮᠧᠷ ᠲᠠᠢ ᠬᠠᠷᠠᠭᠠᠯᠵᠠᠭᠰᠠᠨ | ᠰᠣᠩᠭᠤᠬᠤ ᠵᠦᠢᠯ ᠳᠡᠭᠡᠷ᠎ᠡ ᠱᠠᠭᠠᠷᠳᠠᠯᠭ᠎ᠠ ᠶᠣᠰᠣᠭᠠᠷ ᠬᠠᠷᠠᠭᠠᠯᠵᠠᠭᠰᠠᠨ ᠬᠠᠷᠢᠭᠤᠯᠲᠠ ᠶᠢ ᠲᠦᠷᠬᠢᠨ᠎ᠡ︔ ᠰᠣᠩᠭᠤᠬᠤ | ᠰᠡᠳᠦᠪ ᠢ ᠴᠥᠮ 2B ᠬᠠᠷᠠᠨᠳᠠ ᠪᠠᠷ ᠲᠠᠭᠯᠠᠵᠤ᠂ ᠰᠡᠳᠦᠪ ᠬᠠᠷᠢᠭᠤᠯᠬᠤ ᠺᠠᠷᠲ ᠳᠡᠭᠡᠷᠡᠬᠢ ᠰᠡᠳᠦᠪ ᠤᠨ ᠨᠣᠮᠧᠷ ᠲᠠᠢ | ᠬᠠᠷᠠᠭᠠᠯᠵᠠᠭᠰᠠᠨ ᠰᠣᠩᠭᠤᠬᠤ ᠵᠦᠢᠯ ᠳᠡᠭᠡᠷ᠎ᠡ ᠱᠠᠭᠠᠷᠳᠠᠯᠭ᠎ᠠ ᠶᠣᠰᠣᠭᠠᠷ ᠵᠣᠬᠢᠴᠠᠩᠭᠤᠢ ᠬᠠᠷᠢᠭᠤᠯᠲᠠ ᠶᠢ ᠲᠦᠷᠬᠢᠨ᠎ᠡ︔ | ᠰᠣᠩᠭᠤᠬᠤ ᠦᠭᠡᠢ ᠰᠡᠳᠦᠪ ᠢ ᠴᠥᠮ 0. 5 ᠮᠢᠯᠢᠮᠧᠲᠷ ᠤᠨ ᠬᠠᠷ᠎ᠠ ᠦᠰᠦᠭ ᠤᠨ ᠲᠢᠭ ᠤᠨ ᠰᠠᠭᠠᠷᠮᠠᠭ ᠪᠢᠷ ᠢᠶᠠᠷ | ᠬᠠᠷᠢᠭᠤᠯᠵᠤ᠂ ᠰᠡᠳᠦᠪ ᠬᠠᠷᠢᠭᠤᠯᠬᠤ ᠺᠠᠷᠲ ᠳᠡᠭᠡᠷ᠎ᠡ ᠰᠡᠳᠦᠪ ᠤᠨ ᠨᠣᠮᠧᠷ ᠲᠠᠢ ᠬᠠᠷᠠᠭᠠᠯᠵᠠᠭᠰᠠᠨ ᠰᠡᠳᠦᠪ | ᠬᠠᠷᠢᠭᠤᠯᠬᠤ ᠣᠷᠣᠨ ᠳᠣᠲᠣᠷ᠎ᠠ ᠰᠡᠳᠦᠪ ᠬᠠᠷᠢᠭᠤᠯᠤᠨ᠎ᠠ᠃ ᠡᠬᠡ ᠪᠢᠴᠢᠭ ᠤᠨ ᠴᠠᠭᠠᠰᠤᠨ ᠳᠡᠭᠡᠷ᠎ᠡ᠂ | ᠰᠢᠯᠭᠠᠯᠲᠠ ᠶᠢᠨ ᠬᠠᠭᠤᠳᠠᠰᠤᠨ ᠳᠡᠭᠡᠷ᠎ᠡ ᠪᠤᠶᠤ ᠰᠡᠳᠦᠪ ᠬᠠᠷᠢᠭᠤᠯᠬᠤ ᠺᠠᠷᠲ ᠳᠡᠭᠡᠷᠡᠬᠢ ᠰᠡᠳᠦᠪ ᠤᠨ ᠳ᠋ᠤᠭᠠᠷ ᠥᠯᠥ | ᠲᠣᠬᠢᠷᠠᠯᠴᠠᠬᠤ ᠰᠡᠳᠦᠪ ᠬᠠᠷᠢᠭᠤᠯᠬᠤ ᠣᠷᠣᠨ ᠤ ᠬᠠᠷᠢᠭᠤᠯᠲᠠ ᠨᠢ ᠴᠥᠮ ᠬᠦᠴᠦᠨ ᠦᠭᠡᠢ᠂ ᠰᠢᠯᠭᠠᠯᠲᠠ ᠶᠢᠨ | ᠬᠠᠭᠤᠳᠠᠰᠤ ᠶᠢ ᠬᠢᠨᠠᠵᠤ ᠬᠤᠪᠢ ᠣᠯᠭᠤᠬᠤ ᠦᠭᠡᠢ᠃ ᠰᠢᠯᠭᠠᠭᠤᠯᠤᠭᠴᠢ ᠬᠡᠷᠪᠡ ᠰᠣᠩᠭᠤᠬᠤ ᠰᠡᠳᠦᠪ ᠤᠨ | ᠬᠠᠷᠢᠭᠤᠯᠲᠠ ᠶᠢ ᠵᠠᠰᠠᠬᠤ ᠳᠤ ᠭᠦᠷᠪᠡᠯ᠂ ᠭᠤᠮ ᠵᠡᠷᠭᠡ ᠪᠠᠷ ᠤᠤᠯ ᠤᠨ ᠰᠣᠩᠭᠤᠭᠰᠠᠨ ᠵᠦᠢᠯ ᠢᠶᠠᠨ ᠠᠷᠴᠢᠵᠤ᠂ | ᠴᠡᠪᠡᠷᠬᠡᠨ ᠠᠷᠴᠢᠬᠤ ᠶᠢ ᠦᠨᠡᠨ ᠬᠦ ᠪᠠᠲᠤᠯᠠᠵᠤ᠂ ᠳᠠᠬᠢᠨ ᠰᠢᠨ᠎ᠡ ᠬᠠᠷᠢᠭᠤᠯᠲᠠ ᠶᠢ ᠳᠦᠷᠭᠢᠪᠡᠯ ᠵᠣᠬᠢᠨ᠎ᠠ︔ ᠬᠡᠷᠪᠡ | ᠰᠣᠩᠭᠤᠬᠤ ᠪᠤᠰᠤ ᠰᠡᠳᠦᠪ ᠤᠨ ᠬᠠᠷᠢᠭᠤᠯᠲᠠ ᠶᠢ ᠵᠠᠰᠠᠬᠤ ᠳᠤ ᠬᠦᠷᠪᠡᠯ᠂ ᠤᠷᠢᠳ ᠢᠶᠠᠷ ᠬᠦᠴᠦᠨ ᠦᠭᠡᠢ | ᠪᠣᠯᠭᠠᠭᠰᠠᠨ ᠠᠭᠤᠯᠭ᠎ᠠ ᠶᠢ ᠪᠢᠷ ᠢᠶᠠᠷ ᠵᠢᠷᠤᠵᠤ ᠬᠠᠶᠠᠭᠰᠠᠨ ᠤ ᠳᠠᠷᠠᠭ᠎ᠠ ᠲᠡᠭᠦᠨ ᠤ ᠳᠡᠭᠡᠷ᠎ᠡ ᠲᠠᠯ᠎ᠠ ᠪᠤᠶᠤ ᠳᠣᠣᠷ᠎ᠠ | ᠲᠠᠯ᠎ᠠ ᠳᠤ ᠰᠢᠨ᠎ᠡ ᠬᠠᠷᠢᠭᠤᠯᠲᠠ ᠶᠢ ᠪᠢᠴᠢᠵᠦ ᠭᠠᠷᠭᠠᠨ᠎ᠠ᠂ ᠡᠰᠡᠬᠦᠯ᠎ᠡ ᠪᠠᠯᠠᠯᠤᠭᠤᠷ᠂ ᠵᠢᠵᠢᠭ ᠬᠢᠲᠤᠭ᠎ᠠ ᠪᠠᠷ ᠬᠦᠴᠦᠨ | ᠦᠭᠡᠢ ᠪᠣᠯᠭᠠᠭᠰᠠᠨ ᠠᠭᠤᠯᠭ᠎ᠠ ᠶᠢ ᠱᠦᠷᠭᠦᠭᠡᠭᠰᠡᠨ ᠤ ᠳᠠᠷᠠᠭ᠎ᠠ ᠰᠠᠶ᠋ᠢ ᠰᠢᠨ᠎ᠡ ᠠᠭᠤᠯᠭ᠎ᠠ ᠶᠢ ᠪᠢᠴᠢᠵᠦ ᠭᠠᠷᠭᠠᠨ᠎ᠠ᠃ | 9᠂ ᠰᠢᠯᠭᠠᠯᠲᠠ ᠶᠢᠨ ᠲᠠᠯᠠᠪᠠᠶ ᠶᠢᠨ ᠴᠠᠭ ᠢ ᠵᠥᠪᠬᠡᠨ ᠯᠠᠪᠯᠠᠯᠲᠠ ᠪᠣᠯᠭᠠᠨ᠎ᠠ᠂ ᠰᠢᠯᠭᠠᠯᠲᠠ ᠶᠢ ᠬᠡᠷᠡᠭᠵᠢᠭᠦᠯᠬᠦ | ᠶᠠᠪᠤᠴᠠ ᠳᠠᠬᠢ ᠡᠯ᠎ᠡ ᠵᠠᠩᠭᠢᠯᠠᠭ᠎ᠠ ᠶᠢᠨ ᠴᠠᠭ ᠢ ᠴᠥᠮ ᠰᠢᠯᠭᠠᠯᠲᠠ ᠶᠢᠨ ᠴᠡᠭ ᠠᠴᠠ ᠨᠢᠭᠡᠳᠦᠯᠲᠡᠢ ᠭᠠᠷᠭᠠᠭᠰᠠᠨ | ᠵᠣᠬᠢᠴᠠᠩᠭᠤᠢ ᠳᠣᠬᠢᠶ᠎ᠠ ᠪᠠᠷ ᠪᠠᠷᠢᠮᠵᠢᠶ᠎ᠠ ᠪᠣᠯᠭᠠᠨ᠎ᠠ᠃ | 10᠂ ᠰᠢᠯᠭᠠᠯᠲᠠ ᠡᠬᠢᠯᠡᠬᠦ ᠳᠣᠬᠢᠶ᠎ᠠ ᠶᠢ ᠭᠠᠷᠭᠠᠭᠰᠠᠨ ᠤ ᠳᠠᠷᠠᠭ᠎ᠠ ᠰᠠᠶ᠋ᠢ ᠰᠡᠳᠦᠪ ᠬᠠᠷᠢᠭᠤᠯᠵᠤ ᠪᠣᠯᠣᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠵᠦ ᠪᠠᠶᠢᠭ᠎ᠠ ᠰᠢᠯᠭᠠᠭᠤᠯᠤᠭᠴᠢ | ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ | ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ ᠳᠠᠭᠠᠨ ᠪᠢᠷ ᠤᠨ ᠰᠢᠯᠭᠠᠯᠲᠠ ᠳᠤ ᠴᠥᠮ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠰᠡᠳᠦᠪ ᠬᠠᠷᠢᠭᠤᠯᠤᠨ᠎ᠠ᠂ ᠭᠠᠳᠠᠭᠠᠳᠤ ᠬᠡᠯᠡ᠂ ᠮᠣᠩᠭᠤᠯ ᠬᠡᠯᠡ ︵ | ᠬᠥᠬᠡᠭᠴᠢᠨ︶ ᠰᠢᠯᠭᠠᠬᠤ ᠬᠢᠴᠢᠶᠡᠯ ᠲᠥᠷᠥᠯ ᠤᠨ ᠦᠭᠡ ᠬᠡᠯᠡ ᠥᠰᠥᠭ ᠪᠢᠴᠢᠭ ᠢᠶᠠᠷ ᠰᠡᠳᠦᠪ ᠬᠠᠷᠢᠭᠤᠯᠤᠨ᠎ᠠ᠂ | ᠣᠨᠴᠠᠭᠠᠶ ᠰᠡᠳᠦᠪ ᠤᠨ ᠬᠡᠯᠪᠡᠷᠢ ᠶᠢ ᠰᠡᠳᠦᠪ ᠤᠨ ᠬᠡᠯᠪᠡᠷᠢ ᠶᠢᠨ ᠪᠣᠳᠠᠲᠠᠢ ᠱᠠᠭᠠᠷᠳᠠᠯᠭ᠎ᠠ ᠶᠢ ᠦᠨᠳᠦᠰᠦᠯᠡᠨ | ᠬᠠᠷᠢᠭᠤᠯᠤᠨ᠎ᠠ︶᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠵᠦ | ᠪᠠᠶᠢᠭ᠎ᠠ ᠰᠢᠯᠭᠠᠭᠤᠯᠤᠭᠴᠢ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠳᠠᠭᠠᠨ ᠲᠣᠭᠠᠨ ᠤ | ᠤᠬᠠᠭᠠᠨ ︵ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ︶᠂ ᠨᠡᠶᠢᠭᠡᠮ ᠤᠨ ᠰᠢᠨᠵᠢᠯᠡᠬᠦ | ᠤᠬᠠᠭᠠᠨ ᠤ ᠶᠡᠷᠦᠩᠬᠡᠶᠢᠯᠡᠭᠰᠡᠨ ᠬᠢᠴᠢᠶᠡᠯ/ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ | ᠲᠥᠷᠥᠯ ᠳᠤ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠣᠷᠴᠢᠭᠤᠯᠭ᠎ᠠ ᠶᠢᠨ | ᠰᠢᠯᠭᠠᠯᠲᠠ ᠶᠢᠨ ᠬᠠᠭᠤᠳᠠᠰᠤ ᠶᠢ ᠬᠡᠷᠡᠭᠯᠡᠵᠦ᠂ ᠵᠣᠬᠢᠴᠠᠩᠭᠤᠢ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠥᠰᠥᠭ ᠪᠢᠴᠢᠭ ᠢᠶᠠᠷ ᠰᠡᠳᠦᠪ ᠬᠠᠷᠢᠭᠤᠯᠤᠨ᠎ᠠ︔ ᠭᠠᠳᠠᠭᠠᠳᠤ ᠬᠡᠯᠡᠨ ᠤ ᠬᠢᠴᠢᠶᠡᠯ ᠲᠦᠷᠦᠯ ᠤᠨ ᠰᠢᠯᠭᠠᠯᠲᠠ ᠶᠢᠨ | ᠰᠡᠳᠦᠪ ᠤᠨ ᠳᠣᠲᠣᠷᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠰᠡᠭ ᠢ | ᠵᠣᠬᠢᠴᠠᠩᠭᠤᠢ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠢᠶᠠᠷ ᠣᠷᠴᠢᠭᠤᠯᠵᠤ᠂ ᠰᠢᠯᠭᠠᠭᠰᠠᠨ ᠬᠢᠴᠢᠶᠡᠯ | ᠲᠦᠷᠦᠯ ᠤᠨ ᠭᠠᠳᠠᠭᠠᠳᠤ ᠤᠯᠤᠰ ᠤᠨ ᠦᠭᠡ ᠬᠡᠯᠡ ᠦᠰᠦᠭ ᠪᠢᠴᠢᠭ ᠢᠶᠠᠷ ᠰᠡᠳᠦᠪ ᠬᠠᠷᠢᠭᠤᠯᠤᠨ᠎ᠠ︔ ᠴᠥᠭᠡᠨ | ᠲᠣᠭᠠᠲᠤ ᠦᠨᠳᠦᠰᠦᠲᠡᠨ ᠤ ᠬᠡᠯᠡ ᠪᠢᠴᠢᠭ ᠢ ᠵᠣᠬᠢᠬᠤ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠢᠶᠠᠷ ᠬᠠᠷᠢᠭᠤᠯᠵᠤ᠂ ᠣᠨᠴᠠᠭᠠᠶ ᠰᠡᠳᠦᠪ ᠤᠨ ᠬᠡᠯᠪᠡᠷᠢ ᠶᠢ ᠰᠡᠳᠦᠪ ᠤᠨ ᠬᠡᠯᠪᠡᠷᠢ ᠶᠢᠨ ᠪᠣᠳᠠᠲᠠᠢ | ᠱᠠᠭᠠᠷᠳᠠᠯᠭ᠎ᠠ ᠶᠢ ᠦᠨᠳᠦᠰᠦᠯᠡᠨ ᠬᠠᠷᠢᠭᠤᠯᠳᠠᠭ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ | ᠪᠢᠴᠢᠭ ᠢᠶᠠᠷ ᠬᠢᠴᠢᠶᠡᠯᠯᠡᠵᠦ ᠪᠠᠶᠢᠭ᠎ᠠ ᠰᠢᠯᠭᠠᠭᠤᠯᠤᠭᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ ᠳᠠᠭᠠᠨ᠂ ᠲᠣᠭᠠᠨ ᠤ ᠤᠬᠠᠭᠠᠨ ᠪᠠ | ᠮᠣᠩᠭᠤᠯ ᠮᠠᠯ ᠡᠮᠨᠡᠯᠭᠡ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠢᠴᠢᠶᠡᠯ ᠤᠨ ᠶᠡᠷᠦᠩᠬᠡᠶᠢᠯᠡᠭᠰᠡᠨ ᠬᠢᠴᠢᠶᠡᠯ | ᠲᠥᠷᠥᠯ ᠳᠤ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠣᠷᠴᠢᠭᠤᠯᠭ᠎ᠠ ᠶᠢᠨ | ᠰᠢᠯᠭᠠᠯᠲᠠ ᠶᠢᠨ ᠬᠠᠭᠤᠳᠠᠰᠤ ᠶᠢ ᠬᠡᠷᠡᠭᠯᠡᠵᠦ᠂ ᠵᠣᠬᠢᠬᠤ ᠴᠥᠭᠡᠨ ᠲᠣᠭᠠᠲᠤ ᠦᠨᠳᠦᠰᠦᠲᠡᠨ ᠤ ᠥᠰᠥᠭ ᠪᠢᠴᠢᠭ ᠢᠶᠠᠷ | ᠰᠡᠳᠦᠪ ᠬᠠᠷᠢᠭᠤᠯᠤᠨ᠎ᠠ︔ ᠴᠥᠭᠡᠨ ᠲᠣᠭᠠᠲᠤ ᠦᠨᠳᠦᠰᠦᠲᠡᠨ ᠤ ᠬᠡᠯᠡ ᠪᠢᠴᠢᠭ ᠨᠢ ᠵᠣᠬᠢᠬᠤ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠰᠡᠳᠦᠪ ᠬᠠᠷᠢᠭᠤᠯᠳᠠᠭ᠃ | 11᠂ ᠰᠢᠯᠭᠠᠯᠲᠠ ᠡᠬᠢᠯᠡᠭᠰᠡᠨ ᠤ 15 ᠮᠢᠨᠦ᠋ᠲ ᠤᠨ ᠳᠠᠷᠠᠭ᠎ᠠ᠂ ᠬᠤᠵᠢᠭᠳᠠᠭᠰᠠᠨ ᠰᠢᠯᠭᠠᠭᠤᠯᠤᠭᠴᠢ | ᠰᠢᠯᠭᠠᠯᠲᠠ ᠶᠢᠨ ᠴᠡᠭ ᠲᠤ ᠣᠷᠣᠵᠤ ᠲᠣᠰ ᠤᠳᠠᠭᠠᠨ ᠤ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠵᠤ | ᠪᠣᠯᠬᠤ ᠦᠭᠡᠢ᠃ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠭᠰᠠᠨ ᠤ ᠳᠠᠷᠠᠭ᠎ᠠ ᠲᠠᠯᠠᠪᠤᠷ ᠲᠤ ᠣᠷᠣᠵᠤ | ᠦᠷᠭᠦᠯᠵᠢᠯᠡᠨ ᠰᠢᠯᠭᠠᠵᠤ ᠪᠣᠯᠬᠤ ᠦᠭᠡᠢ᠂ ᠪᠠᠰᠠ ᠰᠢᠯᠭᠠᠯᠲᠠ ᠶᠢᠨ ᠲᠠᠯᠠᠪᠤᠷ ᠤᠨ ᠣᠶᠢᠷ᠎ᠠ ᠬᠠᠪᠢ ᠳᠤ ᠰᠠᠭᠠᠲᠠᠬᠤ | ᠪᠤᠶᠤ ᠶᠠᠷᠢᠯᠴᠠᠵᠤ ᠪᠣᠯᠬᠤ ᠦᠭᠡᠢ᠃ | 12᠂ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠨᠠᠮ ᠵᠢᠮ ᠪᠠᠶᠢᠬᠤ ᠬᠡᠷᠡᠭᠲᠡᠢ᠂ ᠲᠠᠮᠠᠬᠢ ᠲᠠᠲᠠᠵᠤ | ᠪᠣᠯᠬᠤ ᠦᠭᠡᠢ᠂ ᠦᠢᠮᠡᠯᠳᠦᠨ ᠱᠤᠤᠭᠢᠯᠳᠤᠵᠤ ᠪᠣᠯᠬᠤ ᠦᠭᠡᠢ᠂ ᠭᠠᠷ ᠳᠣᠬᠢᠶ᠎ᠠ ᠥᠭᠴᠦ ᠪᠣᠯᠬᠤ ᠦᠭᠡᠢ᠂ | ᠳᠠᠯᠳᠠᠭᠤᠷ ᠳᠣᠬᠢᠶ᠎ᠠ ᠥᠭᠴᠦ ᠪᠣᠯᠬᠤ ᠦᠭᠡᠢ᠂ ᠬᠠᠭᠤᠯᠵᠤ ᠪᠣᠯᠬᠤ ᠦᠭᠡᠢ᠂ ᠬᠠᠷᠢᠭᠤᠯᠲᠠ ᠶᠢ ᠨᠢ ᠳᠠᠮᠵᠢᠭᠤᠯᠵᠤ᠂ | ᠰᠢᠯᠭᠠᠯᠲᠠ ᠶᠢᠨ ᠬᠠᠭᠤᠳᠠᠰᠤ ︵ᠺᠠᠷᠲ︶ ᠪᠤᠶᠤ ᠡᠬᠡ ᠪᠢᠴᠢᠭ ᠤᠨ ᠴᠠᠭᠠᠰᠤ ᠵᠡᠷᠭᠡ ᠶᠢ ᠳᠠᠮᠵᠢᠭᠤᠯᠵᠤ ᠪᠣᠯᠬᠤ | ᠦᠭᠡᠢ᠂ ᠰᠢᠯᠭᠠᠯᠲᠠ ᠶᠢᠨ ᠬᠠᠭᠤᠳᠠᠰᠤ ︵ᠺᠠᠷᠲ︶ ᠪᠤᠶᠤ ᠡᠬᠡ ᠪᠢᠴᠢᠭ ᠤᠨ ᠴᠠᠭᠠᠰᠤ ᠵᠡᠷᠭᠡ ᠰᠢᠯᠭᠠᠯᠲᠠ ᠶᠢᠨ | ᠮᠠᠲ᠋ᠧᠷᠢᠶᠠᠯ ᠢ ᠰᠢᠯᠭᠠᠯᠲᠠ ᠶᠢᠨ ᠲᠠᠯᠠᠪᠤᠷ ᠠᠴᠠ ᠠᠪᠴᠤ ᠭᠠᠷᠴᠤ ᠪᠣᠯᠬᠤ ᠦᠭᠡᠢ᠃ ᠰᠢᠯᠭᠠᠭᠤᠯᠤᠭᠴᠢ ᠲᠥᠷᠥ ᠶᠢᠨ | ᠪᠠᠶᠢᠭᠤᠯᠭ᠎ᠠ ᠶᠢᠨ ᠳᠦᠷᠢᠮᠲᠦ ᠬᠤᠪᠴᠠᠰᠤ ᠡᠮᠦᠰᠴᠦ ᠰᠢᠯᠭᠠᠯᠲᠠ ᠳᠤ ᠣᠷᠣᠯᠴᠠᠵᠤ ᠪᠣᠯᠬᠤ ᠦᠭᠡᠢ᠃ ᠰᠢᠯᠭᠠᠯᠲᠠ | ᠬᠢᠨᠠᠭᠴᠢ ᠵᠡᠷᠭᠡ ᠰᠢᠯᠭᠠᠯᠲᠠ ᠶᠢᠨ ᠠᠵᠢᠯᠲᠠᠨ ᠤ ᠬᠠᠮᠢᠶᠠᠷᠤᠯᠲᠠ ᠶᠢ ᠤᠬᠠᠮᠰᠠᠷ ᠠᠴᠠ ᠪᠠᠨ ᠳᠠᠭᠠᠵᠤ᠂ ᠰᠢᠯᠭᠠᠯᠲᠠ | ᠬᠢᠨᠠᠭᠴᠢ ᠵᠡᠷᠭᠡ ᠰᠢᠯᠭᠠᠯᠲᠠ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠶᠠᠮᠠᠷᠪᠠ | ᠰᠢᠯᠲᠠᠭᠠᠨ ᠢᠶᠠᠷ ᠬᠠᠷᠰᠢᠯᠠᠵᠤ ᠪᠣᠯᠬᠤ ᠦᠭᠡᠢ᠂ ᠰᠢᠯᠭᠠᠯᠲᠠ ᠶᠢᠨ ᠲᠠᠯᠠᠪᠤᠷ ᠵᠢᠴᠢ ᠪᠤᠰᠤᠳ ᠰᠢᠯᠭᠠᠯᠲᠠ ᠶᠢᠨ | ᠠᠵᠢᠯᠯᠠᠬᠤ ᠭᠠᠵᠠᠷ ᠤᠨ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠂ ᠪᠤᠰᠤᠳ ᠤᠨ ᠪᠡᠶ᠎ᠡ ᠶᠢᠨ ᠡᠷᠡᠭᠦᠯ ᠮᠡᠨᠳᠦ | ᠪᠠ ᠠᠮᠢ ᠨᠠᠰᠤᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ ᠪᠣᠯᠬᠤ ᠦᠭᠡᠢ᠃ | 13᠂ ᠰᠢᠯᠭᠠᠯᠲᠠ ᠳᠠᠭᠤᠰᠤᠭᠰᠠᠨ ᠤ ᠳᠠᠷᠠᠭ᠎ᠠ ᠳᠣᠬᠢᠶ᠎ᠠ ᠢᠯᠡᠭᠡᠭᠰᠡᠨ ᠤ ᠳᠠᠷᠠᠭ᠎ᠠ᠂ ᠰᠢᠯᠭᠠᠭᠤᠯᠤᠭᠴᠢ | ᠪᠢᠷ ᠢᠶᠠᠨ ᠳᠠᠷᠤᠶᠢᠬᠠᠨ ᠵᠣᠭᠰᠤᠭᠠᠬᠤ ᠶᠢᠨ ᠬᠠᠮᠲᠤ ᠰᠡᠳᠦᠪ ᠬᠠᠷᠢᠭᠤᠯᠬᠤ ᠪᠠᠨ ᠵᠣᠭᠰᠣᠵᠤ᠂ ᠰᠡᠳᠦᠪ ᠬᠠᠷᠢᠭᠤᠯᠬᠤ | ᠺᠠᠷᠲ᠂ ᠰᠢᠯᠭᠠᠯᠲᠠ ᠶᠢᠨ ᠬᠠᠭᠤᠳᠠᠰᠤ᠂ ᠡᠬᠡ ᠪᠢᠴᠢᠭ ᠤᠨ ᠴᠠᠭᠠᠰᠤ ᠪᠠᠨ ᠲᠢᠭᠯᠡᠵᠦ᠂ ᠰᠢᠯᠭᠠᠯᠲᠠ ᠬᠢᠨᠠᠭᠴᠢ ᠠᠴᠠ | ᠰᠡᠳᠦᠪ ᠬᠠᠷᠢᠭᠤᠯᠬᠤ ᠺᠠᠷᠲ᠂ ᠰᠢᠯᠭᠠᠯᠲᠠ ᠶᠢᠨ ᠬᠠᠭᠤᠳᠠᠰᠤ ᠵᠡᠷᠭᠡ ᠪᠠᠨ ᠬᠤᠷᠢᠶᠠᠵᠤ᠂ ᠲᠠᠯᠠᠪᠤᠷ ᠠᠴᠠ ᠭᠠᠷᠬᠤ | ᠵᠠᠷᠯᠢᠭ ᠪᠠᠭᠤᠯᠭᠠᠭᠰᠠᠨ ᠤ ᠳᠠᠷᠠᠭ᠎ᠠ ᠰᠠᠶ᠋ᠢ ᠲᠠᠰ ᠳᠠᠷᠠᠭᠠᠯᠠᠨ ᠲᠠᠯᠠᠪᠤᠷ ᠠᠴᠠ ᠭᠠᠷᠴᠤ ᠪᠣᠯᠣᠨ᠎ᠠ᠃ | 14᠂ ᠰᠢᠯᠭᠠᠭᠤᠯᠤᠭᠴᠢ ᠬᠡᠷᠪᠡ ᠲᠣᠰ ᠳᠦᠷᠢᠮ ᠢ ᠵᠢᠷᠤᠮᠯᠠᠬᠤ ᠦᠭᠡᠢ᠂ ᠬᠠᠮᠢᠶᠠᠷᠤᠯᠲᠠ ᠶᠢ ᠳᠠᠭᠠᠬᠤ ᠦᠭᠡᠢ | ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠤᠯᠤᠰ ᠤᠨ ᠰᠤᠷᠭᠠᠨ ᠬᠥᠮᠦᠵᠢᠯ ᠤᠨ | ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ ᠠᠷᠭ᠎ᠠ︾ ᠳᠤ ᠲᠣᠭᠲᠠᠭᠠᠭᠰᠠᠨ ᠵᠢᠷᠤᠮ ᠪᠠ | ᠲᠣᠭᠲᠠᠭᠠᠯ ᠵᠡᠷᠭᠡ ᠪᠠᠷ ᠴᠢᠩᠭ᠎ᠠ ᠰᠢᠢᠳᠪᠦᠷᠢᠯᠡᠬᠦ ᠶᠢᠨ ᠬᠠᠮᠲᠤ᠂ ᠤᠯᠤᠰ ᠤᠨ ᠰᠤᠷᠭᠠᠨ ᠬᠥᠮᠦᠵᠢᠯ ᠤᠨ | ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠪᠠ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ | ᠵᠠᠩᠭᠢ ᠶᠢᠨ ᠰᠢᠰᠲ᠋ᠧᠮ ᠳᠤ ᠲᠡᠮᠳᠡᠭᠯᠡᠨ ᠣᠷᠣᠭᠤᠯᠤᠨ᠎ᠠ︔ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ︽ᠰᠢᠯᠭᠠᠯᠲᠠ ᠳᠤ ᠭᠡᠮ ᠬᠢᠬᠦ ᠶᠢ | ᠵᠣᠬᠢᠶᠠᠨ ᠪᠠᠶᠢᠭᠤᠯᠬᠤ ᠵᠡᠷᠭᠡ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ | ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶᠠᠨ ᠤ ᠲᠠᠶᠢᠯᠪᠤᠷᠢᠯᠠᠯᠲᠠ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ ᠰᠢᠯᠭᠠᠭᠤᠯᠤᠭᠴᠢ | ᠡᠷᠬᠡᠪᠰᠢ ᠰᠢᠯᠭᠠᠯᠲᠠ ᠬᠢᠨᠠᠭᠴᠢ ᠵᠡᠷᠭᠡ ᠠᠵᠢᠯᠲᠠᠨ ᠲᠠᠢ ᠬᠠᠮᠵᠢᠯᠴᠠᠨ ᠲᠣᠰ ᠬᠥᠮᠥᠨ ᠤ ᠲᠣᠭᠲᠠᠭᠠᠯ ᠢ ᠵᠥᠷᠢᠴᠡᠭᠰᠡᠨ | ᠪᠣᠳᠠᠲᠤ ᠬᠡᠷᠡᠭ ᠢ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠭᠠᠷ ᠤᠨ | ᠥᠰᠥᠭ ᠵᠢᠷᠤᠬᠤ ᠬᠡᠷᠡᠭᠲᠡᠢ᠃ | ᠬᠦᠰᠡᠯ ᠵᠡᠭᠦᠳᠦ ᠪᠠᠷ ᠮᠣᠷᠢ ᠪᠣᠯᠭᠠᠵᠤ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠶᠢᠵᠤ᠂ | ᠰᠢᠯᠭᠠᠭᠤᠯᠤᠭᠴᠢ ᠨᠢᠭᠡᠪᠦᠷᠢ ᠶᠢᠨ ᠰᠢᠯᠭᠠᠯᠲᠠ ᠶᠢᠨ ᠤᠷᠤᠭᠰᠢᠲᠠᠢ ᠶᠠᠪᠤᠭᠳᠠᠵᠤ᠂ ᠬᠦᠰᠡᠯ ᠵᠡᠭᠦᠳᠦ ᠪᠠᠨ | ᠪᠡᠶᠡᠯᠡᠭᠦᠯᠬᠦ ᠶᠢ ᠴᠢᠩ ᠰᠡᠳᠬᠢᠯ ᠠᠴᠠ ᠪᠠᠨ ᠢᠷᠦᠭᠡᠶ᠎ᠡ︕ | ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ | 2023 ᠣᠨ ᠤ 6 ᠳ᠋ᠤᠭᠠᠷ ᠰᠠᠷ᠎ᠠ ᠶᠢᠨ 2 ᠤᠨ ᠡᠳᠦᠷ | ᠢᠷᠡᠯᠲᠡ᠄ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ |