ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠴᠢᠬᠤᠯᠠᠴᠢᠯᠠᠶ᠎ᠠ
ᠨᠡᠶᠢᠲᠡᠯᠡᠭᠰᠡᠨ ᠴᠠᠭ᠄
2023/6/5
      ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠪᠣᠯ ᠪᠦᠷᠬᠦᠴᠡ ᠪᠠᠷ ᠬᠠᠮᠤᠭ ᠥᠷᠭᠡᠨ᠂ ᠣᠷᠤᠯᠴᠠᠬᠤ ᠬᠥᠮᠥᠨ ᠤ ᠲᠤᠭ᠎ᠠ ᠪᠠᠷ ᠬᠠᠮᠤᠭ ᠣᠯᠠᠨ᠂ ᠨᠡᠶᠢᠭᠡᠮ ᠤᠨ ᠨᠥᠯᠥᠭᠡᠯᠡᠬᠦ ᠬᠦᠴᠦᠨ ᠢᠶᠠᠷ ᠬᠠᠮᠤᠭ ᠶᠡᠭᠡ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠪᠣᠯᠣᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠲᠤ ᠪᠠᠰᠠ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠪᠡᠶ᠎ᠡ ᠶᠢᠨ ᠲᠠᠮᠢᠷ ᠪᠠᠭᠲᠠᠳᠠᠭ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠴᠢᠩᠭᠠᠳᠬᠠᠨ ᠬᠥᠭᠵᠢᠭᠦᠯᠬᠦ ᠳᠤ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠪᠡᠶ᠎ᠡ ᠶᠢᠨ ᠲᠠᠮᠢᠷ ᠪᠠ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠢ ᠵᠡᠷᠭᠡᠳᠡ ᠴᠢᠬᠤᠯᠠᠴᠢᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠤᠯᠠᠮ ᠠᠴᠠ ᠮᠠᠨ ᠤ ᠤᠯᠤᠰ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠰᠠᠭᠤᠷᠢ ᠲᠠᠯᠪᠢᠬᠤ ᠪᠣᠯᠣᠨ᠎ᠠ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨᠴᠢ ᠪᠡᠶ᠎ᠡ ᠶᠢᠨ ᠲᠠᠮᠢᠷ ᠪᠠ ᠥᠷᠢᠰᠦᠯᠳᠦᠭᠡᠨᠲᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃      ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠭᠡᠳᠡᠭ ᠨᠢ ᠭᠤᠣᠯᠳᠠᠭᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠢ ᠵᠢᠭᠠᠵᠤ ᠪᠠᠶᠢᠨ᠎ᠠ᠂ ᠭᠤᠣᠯᠳᠠᠭᠤ 7 ᠨᠠᠰᠤᠨ ᠠᠴᠠ 22 ᠨᠠᠰᠤᠨ ᠤ ᠬᠤᠭᠤᠷᠣᠨᠳᠣᠭᠢ ᠰᠤᠷᠭᠠᠭᠤᠯᠢ ᠶᠢᠨ ᠬᠦᠷᠢᠶᠡᠨ ᠳᠠᠬᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠢᠴᠢᠶᠡᠯ ᠪᠣᠯᠪᠠᠰᠤᠷᠠᠯ ᠪᠣᠯᠣᠨ᠎ᠠ᠃ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠢ ᠴᠢᠬᠤᠯᠠᠴᠢᠯᠠᠬᠤ ᠨᠢ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠢ ᠳᠡᠭᠡᠭᠰᠢᠯᠡᠭᠦᠯᠬᠦ᠂ ᠰᠥᠰᠥ ᠵᠣᠷᠢᠭ ᠢ ᠳᠠᠪᠲᠠᠨ ᠪᠣᠯᠪᠠᠰᠤᠷᠠᠭᠤᠯᠬᠤ᠂ ᠰᠣᠶᠣᠯ ᠮᠡᠳᠡᠯᠭᠡ ᠰᠤᠷᠤᠯᠴᠠᠬᠤ ᠶᠢᠨ ᠦᠨᠳᠦᠰᠦᠨ ᠪᠠᠲᠤᠯᠠᠭ᠎ᠠ ᠮᠥᠨ᠂ ᠪᠡᠶ᠎ᠡ  ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢᠨ ᠤᠷᠢᠳᠠᠯ ᠨᠥᠬᠦᠴᠡᠯ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠨᠢ ᠨᠢᠭᠡᠨ ᠴᠢᠬᠤᠯᠠ ᠣᠶᠢᠯᠠᠭᠠᠭᠳᠠᠬᠤᠨ ᠪᠠ ᠪᠠᠶᠢᠯᠳᠤᠬᠤ ᠪᠣᠳᠣᠯᠭ᠎ᠠ ᠶᠢᠨ ᠬᠠᠨᠳᠤᠰᠢ ᠪᠣᠯᠤᠭᠰᠠᠨ ᠶᠤᠮ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠨᠢ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠶᠢᠨ ᠲᠥᠯᠥᠭᠡ ᠶᠤᠮ᠃ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠤᠢ ᠪᠣᠯᠭᠠᠵᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠣᠬᠢᠴᠠᠩᠭᠤᠢ ᠬᠥᠭᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠬᠦ ᠨᠢ ᠴᠠᠭ ᠦᠶ᠎ᠡ ᠶᠢᠨ ᠨᠢᠭᠡᠨ ᠲᠤᠯᠭᠠᠮ ᠱᠠᠭᠠᠷᠳᠠᠯᠭ᠎ᠠ ᠪᠣᠯᠵᠠᠢ᠃      ᠥᠩᠭᠡᠷᠡᠭᠰᠡᠨ ᠳᠤ᠂ ᠮᠠᠰᠢ ᠣᠯᠠᠨ ᠭᠡᠷ ᠤᠨ ᠠᠬᠠᠮᠠᠳ ᠵᠥᠪᠬᠡᠨ ᠬᠡᠦᠬᠡᠳ ᠤᠨ ᠢᠶᠠᠨ ᠰᠤᠷᠤᠯᠭ᠎ᠠ ᠶᠢ ᠯᠠ ᠠᠩᠬᠠᠷᠤᠭᠠᠳ᠂ ᠪᠡᠶ᠎ᠡ ᠮᠠᠬᠠᠪᠤᠳ ᠤᠨ ᠬᠡᠪ ᠴᠢᠨᠠᠷ ᠤᠨ ᠰᠤᠷᠭᠠᠨ ᠬᠥᠮᠦᠵᠢᠯ ᠢ ᠣᠮᠲᠣᠭᠠᠶᠢᠯᠠᠵᠤ ᠪᠠᠶᠢᠭᠰᠠᠨ ᠦᠵᠡᠭᠳᠡᠯ ᠪᠤᠢ᠃ ᠰᠤᠷᠭᠠᠨ ᠬᠥᠮᠦᠵᠢᠯ ᠤᠨ ᠶᠠᠮᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠷᠤᠬᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠬᠦᠷᠢᠶᠡᠨ ᠳᠤ ᠪᠠ ᠰᠤᠷᠭᠠᠭᠤᠯᠢ ᠶᠢᠨ ᠭᠠᠳᠠᠨ᠎ᠠ ᠲᠣᠰ ᠪᠦᠷᠢ ᠨᠢᠭᠡ ᠴᠠᠭ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ ᠪᠠᠲᠤᠯᠠᠬᠤ ᠶᠢᠨ ᠬᠠᠮᠲᠤ ᠪᠡᠶ᠎ᠡ ᠶᠢᠨ ᠲᠠᠮᠢᠷ ᠤᠨ ᠭᠡᠷ ᠪᠦᠯᠢ ᠶᠢᠨ ᠳᠠᠰᠬᠠᠯ ᠤᠨ ᠳᠦᠷᠢᠮ ᠢ ᠲᠣᠳᠣᠷᠬᠠᠶᠢᠯᠠᠪᠠ᠃ ᠡᠭᠦᠨ ᠠᠴᠠ ᠭᠠᠳᠠᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠢ ᠰᠠᠨᠠᠯ︾ ᠢ ᠨᠡᠶᠢᠲᠡᠯᠡᠵᠦ ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠭᠰᠠᠨ ᠢᠶᠠᠷ᠂ ᠰᠤᠷᠤᠬᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠴᠠᠭ ᠢ ᠨᠠᠩ ᠢᠯᠡᠭᠦᠦ ᠪᠣᠯᠭᠠᠵᠠᠢ᠃      ᠰᠤᠷᠭᠠᠭᠤᠯᠢ᠂ ᠭᠡᠷ ᠪᠦᠯᠢ᠂ ᠨᠡᠶᠢᠭᠡᠮ ᠭᠤᠷᠪᠠ ᠶᠢ ᠨᠢᠭᠡ ᠴᠣᠭᠴᠠᠵᠢᠭᠤᠯᠬᠤ ᠪᠣᠯ ᠬᠤᠶᠢᠰᠢᠳᠠ ᠶᠢᠨ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠬᠤ ᠪᠦᠲᠦᠮᠵᠢᠲᠡᠢ ᠠᠷᠭ᠎ᠠ ᠬᠡᠯᠪᠡᠷᠢ ᠪᠣᠯᠣᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯ ᠭᠤᠣᠯᠯᠠᠭᠴᠢ ᠬᠦᠴᠦᠨ ᠮᠥᠨ᠂ ᠭᠡᠪᠡᠴᠦ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠨᠢ ᠵᠥᠪᠬᠡᠨ ᠰᠤᠷᠭᠠᠭᠤᠯᠢ ᠶᠢᠨ ᠲᠠᠯ᠎ᠠ ᠶᠢᠨ ᠬᠠᠷᠢᠭᠤᠴᠠᠯᠭ᠎ᠠ ᠪᠢᠰᠢ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠶᠢᠷᠢ ᠰᠠᠭᠤᠷᠢ ᠶᠢ ᠵᠥᠪ ᠪᠠᠶᠢᠯᠭᠠᠵᠤ᠂ ᠭᠡᠷ ᠪᠦᠯᠢ ᠶᠢᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠨᠢ ᠨᠡᠩ ᠴᠢᠬᠤᠯᠠ ᠶᠤᠮ᠃ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1