ᠳᠡᠭᠡᠳᠦ ᠰᠤᠷᠭᠠᠭᠤᠯᠢ ᠳᠤ ᠰᠢᠯᠭᠠᠭᠤᠯᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/6/6
      ᠥᠷᠭᠡᠨ ᠤᠯᠠᠨ ᠬᠤᠳᠠ ᠶᠢᠨ ᠠᠷᠠᠳ ᠨᠠᠶᠢᠵᠢ ᠨᠠᠷ ᠠ᠄      2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ 6 ᠳ᠋ᠤᠭᠠᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠨ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠤᠷᠤᠯᠴᠠᠬᠤ ᠰᠤᠷᠤᠭᠴᠢᠳ ᠲᠤ ᠨᠠᠮ ᠰᠡᠯᠡᠭᠦᠨ ᠲᠠᠭᠠᠯᠠᠮᠵᠢᠲᠠᠢ ᠰᠤᠷᠤᠯᠴᠠᠬᠤ᠂ ᠰᠢᠯᠭᠠᠬᠤ ᠪᠠ ᠠᠮᠠᠷᠠᠬᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠪᠢᠳᠡ ᠳᠣᠣᠷᠠᠬᠢ ᠮᠡᠲᠦ ᠰᠠᠨᠠᠭᠠᠴᠢᠯᠠᠭ᠎ᠠ ᠶᠢ ᠳᠤᠷᠠᠳᠤᠶ᠎ᠠ᠄      1᠂ ᠪᠣᠬᠢᠷᠲᠤᠯ ᠦᠭᠡᠢ ᠶᠠᠪᠤᠵᠤ ᠰᠠᠭᠤᠬᠤ ᠶᠢ ᠰᠠᠨᠠᠭᠠᠴᠢᠯᠠᠵᠤ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠥᠷᠭᠡᠨ ᠣᠯᠠᠨ ᠬᠤᠲᠠ ᠶᠢᠨ ᠠᠷᠠᠳ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠬᠤ ᠵᠠᠮ ᠱᠤᠭᠤᠮ ᠢ ᠵᠣᠬᠢᠰᠲᠠᠢ ᠰᠣᠩᠭᠤᠵᠤ᠂ ᠰᠢᠯᠭᠠᠭᠤᠯᠤᠭᠴᠢ  ᠶᠢ ᠲᠤᠰᠴᠤ ᠬᠦᠷᠭᠡᠬᠦ ᠲᠡᠷᠭᠡ ᠭᠦᠰᠭᠡ᠂ ᠵᠠᠮ ᠥᠩᠭᠡᠷᠡᠬᠦ ᠰᠣᠷᠣᠭᠴᠢ ᠶᠢ ᠰᠠᠨᠠᠭᠠᠴᠢᠯᠠᠭ᠎ᠠ  ᠠᠴᠠ ᠪᠠᠨ ᠲᠡᠷᠭᠡ ᠵᠤᠭᠰᠤᠭᠠᠵᠤ ᠶᠢ ᠬᠦᠰᠡᠵᠦ ᠪᠠᠶᠢᠨ᠎ᠠ᠃      2᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠬᠠᠨᠢ ᠪᠣᠯᠵᠤ᠂ ᠢᠳᠡᠪᠬᠢᠲᠡᠢ ᠰᠡᠳᠬᠢᠴᠡ   ᠶᠢᠨ ᠪᠠᠶᠢᠳᠠᠯ   ᠢ ᠬᠠᠮᠠᠭᠠᠯᠠᠬᠤ ᠬᠡᠷᠡᠭᠲᠡᠢ᠃ ᠥᠷᠭᠡᠨ ᠣᠯᠠᠨ ᠭᠡᠷ ᠤᠨ ᠠᠬᠠᠮᠠᠳ ᠨᠠᠶᠢᠵᠠ ᠨᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠶᠤᠨᠴᠢ ᠪᠠᠷ ᠬᠠᠨᠳᠤᠵᠤ᠂ ᠬᠡᠦᠬᠡᠳ ᠲᠤ ᠬᠡᠲᠦᠷᠬᠡᠢ ᠶᠡᠭᠡ ᠳᠠᠷᠤᠯᠲᠠ ᠥᠭᠴᠦ ᠪᠣᠯᠬᠤ ᠦᠭᠡᠢ᠂ ᠠᠯᠢ ᠴᠢᠳᠠᠬᠤ ᠪᠠᠷ ᠠᠷᠤ ᠲᠠᠯ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠢᠳᠡᠭᠡᠨ ᠤᠮᠳᠠᠭᠠᠨ ᠢᠶᠠᠨ ᠵᠣᠬᠢᠰᠲᠠᠢ ᠲᠣᠬᠢᠷᠠᠭᠤᠯᠤᠨ᠂ ᠬᠡᠦᠬᠡᠳ ᠤᠨ ᠭᠦᠢᠴᠡᠳ ᠣᠶᠤᠨ ᠴᠢᠳᠠᠯ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢᠶᠠᠷ ᠰᠢᠯᠭᠠᠯᠲᠠ ᠳᠤ ᠣᠷᠣᠯᠴᠠᠬᠤ ᠶᠢ ᠪᠠᠲᠤᠯᠠᠬᠤ ᠬᠡᠷᠡᠭᠲᠡᠢ᠃      3᠂ ︽ᠲᠠᠭᠤ ᠦᠭᠡᠢ ᠬᠡᠪ ᠵᠠᠭᠪᠤᠷ︾ ᠢ ᠨᠡᠭᠡᠭᠡᠵᠦ᠂ ᠨᠠᠮ ᠵᠢᠮ ᠣᠷᠴᠢᠨ ᠲᠣᠭᠤᠷᠢᠨ ᠢ ᠪᠣᠶ ᠪᠣᠯᠭᠠᠨ᠎ᠠ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠪᠠᠷᠢᠯᠭ᠎ᠠ ᠶᠢᠨ ᠨᠢᠭᠡᠴᠡ ᠨᠦᠭᠦᠳ ᠠᠮᠠᠷᠬᠠᠨ ᠲᠠᠭᠤ ᠱᠤᠤᠭᠢᠶᠠᠨ ᠡᠭᠦᠰᠬᠡᠬᠦ ᠪᠠᠷᠢᠯᠭ᠎ᠠ ᠶᠢᠨ ᠠᠵᠢᠯ ᠢᠶᠠᠨ ᠪᠦᠬᠦᠯᠢ ᠡᠳᠦᠷ ᠢᠶᠠᠷ ᠵᠣᠭᠰᠣᠭᠠᠷᠠᠢ᠃ ᠰᠢᠯᠭᠠᠯᠲᠠ ᠶᠢᠨ ᠴᠡᠭ ᠤᠨ ᠣᠶᠢᠷ᠎ᠠ ᠬᠠᠪᠢ ᠶᠢᠨ ᠰᠣᠶᠣᠯ ᠴᠡᠩᠭᠡᠯ ᠤᠨ ᠲᠠᠯᠠᠪᠤᠷ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠡᠷᠭᠡ ᠳᠤ ᠥᠨᠳᠥᠷ ᠲᠠᠭᠤᠨ ᠤ ᠲᠠᠭᠤ ᠭᠠᠷᠭᠠᠵᠤ ᠪᠣᠯᠬᠤ ᠦᠭᠡᠢ᠂ ᠰᠢᠯᠭᠠᠭᠤᠯᠤᠭᠰᠠᠳ ᠤᠨ ᠰᠡᠳᠬᠢᠯ ᠠᠮᠤᠷ ᠲᠠᠶᠢᠪᠤᠭᠤ᠂ ᠨᠠᠮ ᠵᠢᠮ ᠠᠮᠠᠷᠠᠬᠤ᠂ ᠰᠡᠳᠬᠢᠯ ᠠᠮᠤᠷ ᠰᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      4᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠯᠠᠪᠯᠠᠯᠲᠠ ᠪᠣᠯᠭᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠠᠴᠠ ᠬᠤᠯᠠᠳᠬᠤ ᠬᠡᠷᠡᠭᠲᠡᠢ᠃ ᠰᠢᠯᠭᠠᠭᠤᠯᠤᠭᠴᠢ ᠪᠠ ᠭᠡᠷ ᠤᠨ ᠠᠬᠠᠮᠠᠳ ᠶᠠᠮᠠᠷ ᠴᠤ ᠭᠤᠷᠢᠳᠠᠬᠤ ᠪᠣᠳᠣᠯ ᠡᠪᠦᠷᠯᠡᠵᠦ ᠪᠣᠯᠬᠤ ᠦᠭᠡᠢ᠂ ᠡᠷᠬᠡᠪᠰᠢ ᠦᠵᠡᠯ ᠰᠠᠨᠠᠭ᠎ᠠ ᠪᠠᠨ ᠲᠥᠪ ᠪᠣᠯᠭᠠᠵᠤ᠂ ᠬᠡᠮ ᠬᠢᠬᠦ ᠠᠴᠠ ᠵᠠᠶᠢᠳᠠᠵᠤ᠂ ᠦᠨᠡᠨᠴᠢ ᠢᠲᠡᠭᠡᠮᠵᠢᠲᠡᠢ ᠪᠠᠷ ᠰᠢᠯᠭᠠᠯᠲᠠ ᠳᠤ ᠣᠷᠣᠯᠴᠠᠬᠤ ᠬᠡᠷᠡᠭᠲᠡᠢ᠂ ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠴᠢᠩᠭ᠎ᠠ ᠴᠣᠬᠢᠯᠲᠠ ᠥᠭᠭᠦᠨ᠎ᠡ᠃      5᠂ ᠰᠢᠯᠭᠠᠭᠤᠯᠤᠭᠴᠢ ᠶᠢ ᠬᠠᠯᠠᠮᠵᠢᠯᠠᠨ ᠬᠠᠶᠢᠷᠠᠯᠠᠵᠤ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠨ᠎ᠠ᠃ ᠰᠢᠯᠭᠠᠯᠲᠠ ᠶᠢᠨ ᠬᠤᠭᠤᠴᠠᠭᠠᠨ ᠳᠤ᠂ ᠬᠡᠷᠪᠡ ᠰᠢᠯᠭᠠᠭᠤᠯᠤᠭᠴᠢ ᠶᠢᠨ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠪᠤᠶᠤ ᠪᠡᠶ᠎ᠡ ᠶᠢᠨ ᠦᠨᠡᠮᠯᠡᠯ ᠢ ᠣᠯᠵᠤ ᠠᠪᠤᠪᠠᠯ᠂ ᠴᠠᠭ ᠲᠤᠬᠠᠢ ᠳᠤᠨᠢ ᠰᠤᠷᠭᠠᠭᠤᠯᠢ ᠪᠤᠶᠤ ᠰᠢᠯᠭᠠᠯᠲᠠ ᠶᠢᠨ ᠴᠡᠭ ᠤᠨ ᠵᠢᠵᠢᠭᠦᠷᠯᠡᠭᠴᠢ ᠲᠠᠢ ᠬᠠᠷᠢᠯᠴᠠᠭᠠᠷᠠᠢ᠃ ᠥᠷᠭᠡᠨ ᠤᠯᠠᠨ ᠰᠠᠶᠢᠨ ᠳᠤᠷ᠎ᠠ ᠶᠢᠨ ᠠᠵᠢᠯᠯᠠᠭᠴᠢᠳ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠭᠤᠴᠠᠭᠠᠨ ᠳᠤ ᠤᠯᠠᠨ ᠵᠦᠢᠯ ᠤᠨ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠰᠠᠨᠠᠭᠠᠴᠢᠯᠠᠵᠤ᠂ ᠰᠢᠯᠭᠠᠭᠤᠯᠤᠭᠴᠢ ᠳᠤ ᠬᠦᠴᠦᠨ ᠨᠡᠮᠡᠷᠢᠯᠡᠨ᠎ᠡ᠃     ᠪᠢᠳᠠ ᠬᠠᠮᠲᠤᠪᠠᠷ ᠬᠥᠳᠡᠯᠦᠯᠴᠡᠵᠦ᠂ ᠥᠷᠭᠡᠨ ᠤᠯᠠᠨ ᠰᠤᠷᠤᠭᠴᠢᠳ ᠲᠤ ᠨᠠᠮ ᠰᠡᠯᠡᠭᠦᠨ ᠬᠠᠯᠠᠭᠤᠨ ᠳᠤᠯᠠᠭᠠᠨ ᠰᠢᠯᠭᠠᠯᠲᠠ ᠶᠢᠨ ᠣᠷᠴᠢᠨ ᠲᠣᠭᠤᠷᠢᠨ ᠢ ᠡᠭᠦᠳᠴᠦ᠂ ᠰᠢᠯᠭᠠᠭᠤᠯᠤᠭᠰᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ᠂ ᠪᠦᠬᠦ ᠬᠦᠴᠦᠨ ᠢᠶᠠᠷ ᠢᠶᠠᠨ ᠰᠢᠯᠭᠠᠯᠲᠠ ᠳᠤ ᠣᠷᠣᠯᠴᠠᠬᠤ᠂ ᠭᠠᠷᠮᠠᠭᠠᠢ ᠪᠠᠳᠠᠷᠠᠭᠤᠯᠬᠤ ᠶᠢ ᠪᠠᠲᠤᠯᠠᠶ᠎ᠠ᠃ ᠪᠢᠳᠡᠨ ᠤ ᠬᠠᠶᠢᠷ᠎ᠠ ᠬᠠᠯᠠᠮᠵᠢ᠂ ᠦᠢᠯᠡ ᠠᠵᠢᠯᠯᠠᠭ᠎ᠠ ᠪᠠᠷ ᠢᠶᠠᠨ ᠬᠡᠦᠬᠡᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠬᠦᠴᠦ ᠨᠡᠮᠡᠷᠢᠯᠡᠵᠦ᠂ ᠭᠡᠷ ᠪᠦᠯᠢ ᠨᠢᠭᠡᠪᠦᠷᠢ ᠶᠢᠨ ᠬᠦᠰᠡᠯ ᠡᠷᠡᠮᠡᠯᠵᠡᠯ ᠪᠠ ᠢᠷᠡᠭᠡᠳᠦᠢ ᠶᠢ ᠴᠤᠭᠴᠠᠯᠠᠶ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1