ᠥᠪᠥᠷ ᠮᠣᠩᠭᠤᠯ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︽ᠠᠷᠪᠠᠨ ᠵᠦᠪᠰᠢᠶᠡᠷᠡᠬᠦ ᠦᠭᠡᠢ︾ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2023/6/7
      2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ 6 ᠳ᠋ᠤᠭᠠᠷ ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ ᠶᠠᠪᠤᠭᠳᠠᠨ᠎ᠠ᠃2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠬᠤᠯᠪᠣᠭᠳᠠᠬᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠢᠯᠭᠠᠯᠲᠠ ᠬᠢᠵᠦ ᠰᠣᠷᠣᠭᠴᠢ ᠡᠯᠰᠡᠬᠦ ᠣᠷᠴᠢᠨ ᠨᠥᠬᠦᠴᠡᠯ ᠢ ᠴᠡᠪᠡᠷᠰᠢᠭᠦᠯᠵᠦ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠤᠨ ᠡᠷᠬᠡ ᠠᠰᠢᠭ ᠢ ᠬᠠᠮᠠᠭᠠᠯᠠᠨ᠂ ︽ᠠᠮᠤᠷ ᠲᠦᠪᠰᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠨᠡᠶᠢᠳᠡᠯᠡᠶ᠎ᠡ᠄      ᠨᠢᠭᠡ᠂ ᠰᠤᠷᠭᠠᠭᠤᠯᠢ ᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠬᠤᠯᠪᠣᠭᠳᠠᠬᠤ ᠪᠣᠯᠪᠠᠰᠤᠷᠠᠭᠤᠯᠤᠯ᠂ ᠯᠠᠪᠯᠠᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠬᠦᠯᠢᠶᠡᠬᠦ ᠦᠭᠡᠢ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠴᠡᠭ᠂ ᠰᠤᠷᠭᠠᠭᠤᠯᠢ ᠵᠡᠷᠭᠡ ᠶᠢᠨ ᠡᠷᠬᠢᠨ ᠲᠣᠭᠤᠷᠢᠨ ᠳᠤ ᠰᠢᠯᠭᠠᠯᠲᠠ ᠪᠠᠷ ᠰᠣᠷᠣᠭᠴᠢ ᠡᠯᠰᠡᠬᠦ ᠤᠬᠠᠭᠤᠯᠭ᠎ᠠ ᠶᠢ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠪᠣᠯᠬᠤ ᠦᠭᠡᠢ᠃      ᠬᠤᠶᠠᠷ᠂ ᠰᠣᠷᠣᠭᠴᠢ ᠶᠢᠨ ᠰᠢᠯᠭᠠᠯᠲᠠ ᠳᠤ ᠬᠤᠯᠪᠣᠭᠳᠠᠬᠤ ᠬᠠᠮᠢᠶ᠎ᠠ ᠪᠦᠬᠦᠢ ᠪᠣᠯᠪᠠᠰᠤᠷᠠᠭᠤᠯᠤᠯ ᠳᠤ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠶᠡᠬᠡᠰᠬᠡᠵᠦ᠂ ᠰᠣᠷᠣᠭᠴᠢ ᠵᠢᠴᠢ ᠭᠡᠷ ᠤᠨ ᠠᠬᠠᠮᠠᠳ ᠢ ᠥᠳᠥᠭᠡᠨ ᠬᠥᠲᠥᠯᠵᠦ ᠪᠣᠯᠬᠤ ᠦᠭᠡᠢ᠃      ᠭᠤᠷᠪᠠ᠂ ᠶᠠᠮᠠᠷᠪᠠ ᠬᠡᠯᠪᠡᠷᠢ ᠪᠠᠷ ᠰᠢᠯᠭᠠᠯᠲᠠ ᠶᠢ ᠬᠠᠪᠰᠤᠷᠴᠤ᠂ ᠲᠡᠭᠦᠨ ᠳᠤ ᠣᠷᠣᠯᠴᠠᠵᠤ᠂ ᠲᠡᠭᠦᠨ ᠢ ᠵᠣᠬᠢᠶᠠᠨ ᠪᠠᠶᠢᠭᠤᠯᠵᠤ ᠪᠠᠶᠢᠭᠠᠳ ᠬᠡᠮ ᠬᠢᠵᠦ ᠪᠣᠯᠬᠤ ᠦᠭᠡᠢ᠃      ᠳᠥᠷᠪᠡ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠬᠤᠯᠪᠣᠭᠳᠠᠭᠰᠠᠨ ᠰᠡᠳᠦᠪ ᠳᠠᠭᠠᠬᠤ᠂ ᠤᠤᠯ ᠰᠡᠳᠦᠪ᠂ ᠳᠠᠪᠬᠤᠷ ᠰᠡᠳᠦᠪ᠂ ᠪᠤᠷᠤᠭᠤ ᠰᠡᠳᠦᠪ ᠵᠡᠷᠭᠡ ᠡᠯ᠎ᠡ ᠵᠦᠢᠯ ᠤᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠬᠤ ᠪᠤᠶᠤ ᠤᠯᠠᠮᠵᠢᠯᠠᠨ ᠲᠠᠷᠬᠠᠭᠠᠵᠤ ᠪᠣᠯᠬᠤ ᠦᠭᠡᠢ᠂ ᠬᠤᠳᠠᠯ ᠬᠠᠭᠤᠷᠮᠠᠭ ᠪᠤᠶᠤ ᠥᠰᠬᠡᠨ ᠳᠥᠰᠬᠡᠨ ᠲᠠᠢ ᠰᠢᠯᠭᠠᠯᠲᠠ ᠪᠠ ᠰᠣᠷᠣᠭᠴᠢ ᠡᠯᠰᠡᠬᠦ ᠠᠰᠠᠭᠤᠳᠠᠯ ᠳᠤ ᠬᠤᠯᠪᠣᠭᠳᠠᠭᠰᠠᠨ ᠰᠡᠷᠭᠡᠭ ᠮᠡᠳᠡᠭᠡ ᠵᠠᠩᠭᠢ ᠪᠠ ᠶᠠᠷᠢᠶᠠᠨ ᠤ ᠰᠡᠳᠦᠪ ᠢ ᠵᠣᠬᠢᠶᠠᠬᠤ ᠪᠤᠶᠤ ᠤᠯᠠᠮᠵᠢᠯᠠᠨ ᠲᠠᠷᠬᠠᠭᠠᠵᠤ ᠪᠣᠯᠬᠤ ᠦᠭᠡᠢ᠂ ᠰᠤᠷᠭᠠᠨ ᠬᠥᠮᠦᠵᠢᠯ ᠤᠨ ᠵᠣᠪᠠᠨᠢᠯ ᠢ ᠪᠣᠶ ᠪᠣᠯᠭᠠᠵᠤ᠂ ᠰᠢᠯᠭᠠᠯᠲᠠ ᠪᠠᠷ ᠰᠣᠷᠣᠭᠴᠢ ᠡᠯᠰᠡᠬᠦ ᠡᠮᠬᠢ ᠵᠢᠷᠤᠮ ᠢ ᠡᠪᠳᠡᠵᠦ ᠪᠣᠯᠬᠤ ᠦᠭᠡᠢ᠃      ᠲᠠᠪᠤ᠂ ᠶᠠᠮᠠᠷᠪᠠ ᠬᠡᠯᠪᠡᠷᠢ ᠪᠠᠷ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠮᠠᠩᠯᠠᠢ︾ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠠᠷ ᠤᠨ ᠰᠣᠨᠢᠨ︾ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠤᠷᠭᠠᠭᠤᠯᠢ ᠳᠡᠪᠰᠢᠭᠰᠡᠨ ᠨᠣᠷᠮ᠎ᠠ︾ ︽ᠨᠢᠭᠡ ᠳᠡᠪᠲᠡᠷ ᠰᠤᠷᠭᠠᠭᠤᠯᠢ ᠳᠤ ᠣᠷᠣᠭᠰᠠᠨ ᠨᠣᠷᠮ᠎ᠠ︾ ︽ᠵᠢᠩᠬᠢᠨᠢ ᠠᠩᠭᠢ ᠳᠤ ᠣᠷᠣᠭᠰᠠᠨ ᠨᠣᠷᠮ᠎ᠠ︾ ︽ᠥᠨᠳᠥᠷ ᠬᠤᠪᠢ ᠣᠯᠣᠭᠰᠠᠨ ᠰᠢᠯᠭᠠᠭᠤᠯᠤᠭᠴᠢ︾᠂ ᠲᠣᠰ ᠪᠠᠶᠢᠭᠤᠯᠤᠮᠵᠢ ᠶᠢᠨ ︽ᠨᠡᠷᠡᠰ ᠤᠨ ᠵᠢᠭᠰᠠᠭᠠᠯᠲᠠ ᠳᠤ ᠣᠷᠣᠭᠰᠠᠨ ᠨᠣᠷᠮ᠎ᠠ ︾ ︽ᠡᠯᠰᠡᠬᠦ ᠨᠣᠷᠮ᠎ᠠ︾ ᠵᠡᠷᠭᠡ ᠶᠢ ᠤᠬᠠᠭᠤᠯᠤᠨ ᠰᠤᠷᠲᠠᠯᠴᠢᠯᠠᠵᠤ ᠪᠣᠯᠬᠤ ᠦᠭᠡᠢ᠃      ᠵᠢᠷᠭᠤᠭ᠎ᠠ᠂ ᠡᠵᠡᠩᠨᠡᠯᠲᠡ ᠶᠢᠨ ᠬᠡᠪᠴᠢᠶ᠎ᠡ ᠠᠴᠠ ᠳᠠᠪᠠᠭ᠋ᠤ ᠪᠤᠶᠤ ᠵᠢᠷᠤᠮᠵᠢᠯ ᠤᠨ ᠱᠠᠭᠠᠷᠳᠠᠯᠭ᠎ᠠ ᠶᠢ ᠵᠥᠷᠢᠴᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠡᠮᠡᠯᠵᠡᠯ ᠲᠠᠭᠯᠠᠬᠤ ᠵᠡᠷᠭᠡ ᠯᠠᠪᠯᠠᠭ᠎ᠠ ᠶᠢᠨ ᠦᠢᠯᠡᠴᠢᠯᠡᠭᠡ ᠶᠢ ᠲᠣᠭᠲᠠᠭᠠᠯ ᠠᠴᠠ ᠵᠥᠷᠢᠴᠡᠨ ᠥᠷᠨᠢᠭᠦᠯᠬᠦ ᠪᠤᠶᠤ ᠠᠯᠪᠠᠨ ᠤ ᠪᠤᠰᠤ ᠲᠠᠯ᠎ᠠ ᠶᠢᠨ ᠡᠷᠡᠮᠡᠯᠵᠡᠯ ᠲᠠᠭᠯᠠᠬᠤ ᠲᠠᠰ ᠳᠠᠷᠠᠭᠠᠯᠠᠯ ᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠶᠢᠨ ᠬᠠᠮᠲᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠵᠤ ᠪᠣᠯᠬᠤ ᠦᠭᠡᠢ᠃      ᠳᠣᠯᠤᠭ᠎ᠠ᠂ ︽ᠰᠡᠳᠦᠪ ︵ᠰᠢᠯᠭᠠᠯᠲᠠ ᠶᠢᠨ ᠬᠠᠭᠤᠳᠠᠰᠤ︶ ᠤᠨ ᠪᠠᠭᠰᠢ ᠶᠢᠨ ᠬᠢᠴᠢᠶᠡᠯ ᠣᠷᠣᠬᠤ︾ ᠵᠢᠴᠢ ᠪᠤᠰᠤᠳ ᠵᠠᠯᠢ ᠮᠡᠭᠡ ᠪᠠᠷ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠰᠣᠷᠣᠭᠴᠢ ᠵᠢᠴᠢ ᠭᠡᠷ ᠤᠨ ᠠᠬᠠᠮᠠᠳ ᠢ ᠥᠳᠥᠭᠡᠨ ᠲᠠᠲᠠᠵᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠳᠤ ᠣᠷᠣᠯᠴᠠᠭᠤᠯᠵᠤ ᠪᠣᠯᠬᠤ ᠦᠭᠡᠢ᠃      ᠨᠠᠢᠮᠠ᠂ ᠰᠢᠯᠭᠠᠯᠲᠠ ᠶᠢᠨ ᠴᠡᠭ ᠲᠤ ᠣᠷᠣᠵᠤ ᠰᠢᠯᠭᠠᠯᠲᠠ ᠶᠢᠨ ᠰᠡᠳᠦᠪ ᠴᠤᠭᠯᠠᠭᠤᠯᠬᠤ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ ᠪᠣᠯᠬᠤ ᠦᠭᠡᠢ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠰᠡᠳᠦᠪ ᠤᠨ ᠤᠭ ᠬᠠᠭᠤᠳᠠᠰᠤ ᠶᠢ ᠲᠣᠭᠲᠠᠭᠠᠯ ᠠᠴᠠ ᠵᠥᠷᠢᠴᠡᠨ ᠨᠡᠶᠢᠲᠡᠯᠡᠵᠦ᠂ ᠤᠯᠠᠮᠵᠢᠯᠠᠨ ᠲᠠᠷᠬᠠᠭᠠᠵᠤ ᠪᠣᠯᠬᠤ ᠦᠭᠡᠢ︔ ᠰᠢᠯᠭᠠᠯᠲᠠ ᠶᠢᠨ ᠬᠠᠭᠤᠳᠠᠰᠤ ᠶᠢ ᠥᠰᠥᠭ ᠪᠢᠴᠢᠭ᠂ ᠲᠠᠭᠤᠨ ᠳᠠᠪᠲᠠᠮᠵᠢ᠂ ᠸᠢᠳᠢᠤ᠋ ᠪᠠᠷ ᠰᠢᠭᠤᠳ ᠨᠡᠪᠲᠡᠷᠡᠭᠦᠯᠬᠦ ᠵᠡᠷᠭᠡ ᠶᠠᠮᠠᠷᠪᠠ ᠠᠷᠭ᠎ᠠ ᠮᠠᠶ᠋ᠢᠭ ᠢᠶᠠᠷ ᠨᠡᠶᠢᠲᠡᠯᠡᠬᠦ ᠪᠤᠶᠤ ᠦᠨᠡᠯᠡᠵᠦ ᠪᠣᠯᠬᠤ ᠦᠭᠡᠢ᠃      ᠶᠢᠰᠦ᠂ ︽ᠰᠢᠯᠭᠠᠯᠲᠠ ᠶᠢᠨ ᠰᠡᠳᠦᠪ︾᠂ ︽ᠬᠠᠷᠢᠭᠤᠯᠲᠠ︾᠂ ︽ᠳᠣᠲᠣᠭᠠᠳᠤ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ︾ ᠵᠡᠷᠭᠡ ᠶᠢ ᠬᠤᠳᠠᠯᠳᠤᠭᠠᠯᠠᠬᠤ ᠮᠡᠬᠡᠯᠡᠯ ᠤᠨ ᠴᠢᠨᠠᠷᠲᠠᠢ ᠦᠶᠯᠡ ᠠᠵᠢᠯᠯᠠᠭ᠎ᠠ ᠪᠠᠷ ᠳᠠᠮᠵᠢᠭᠤᠯᠤᠨ᠂ ᠰᠢᠯᠭᠠᠯᠲᠠ ᠳᠤ ᠬᠤᠯᠪᠣᠭᠳᠠᠬᠤ ᠪᠠ ᠰᠣᠷᠣᠭᠴᠢ ᠡᠯᠰᠡᠬᠦ ᠳᠤ ᠬᠤᠯᠪᠣᠭᠳᠠᠬᠤ ᠮᠡᠬᠡᠯᠡᠯ ᠤᠨ ᠠᠵᠢᠯᠯᠠᠭ᠎ᠠ ᠬᠢᠵᠦ ᠪᠣᠯᠬᠤ ᠦᠭᠡᠢ᠃      ᠠᠷᠪᠠ᠂ ᠰᠢᠯᠭᠠᠭᠤᠯᠤᠭᠴᠢ ᠪᠠ ᠭᠡᠷ ᠤᠨ ᠠᠬᠠᠮᠠᠳ ᠢ ᠥᠳᠥᠭᠡᠨ ᠵᠣᠬᠢᠶᠠᠨ ᠪᠠᠶᠢᠭᠤᠯᠵᠤ ᠪᠠᠶᠢᠭᠠᠳ ᠰᠢᠯᠭᠠᠯᠲᠠ ᠬᠢᠵᠦ ᠰᠣᠷᠣᠭᠴᠢ ᠡᠯᠰᠡᠬᠦ ᠬᠤᠯᠪᠣᠭᠳᠠᠯ ᠪᠦᠬᠦᠢ ᠠᠵᠢᠯ ᠢ ᠬᠤᠯᠪᠣᠭᠠᠯᠠᠵᠤ᠂ ᠰᠣᠷᠪᠤᠯᠵᠢᠯᠠᠭ᠎ᠠ ᠬᠢᠯᠭᠡᠵᠦ ᠪᠣᠯᠬᠤ ᠦᠭᠡᠢ᠃      ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠪᠠᠭᠠᠰᠬᠠᠬᠤ︾ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠠᠯᠪᠠᠨ ᠭᠡᠷᠢᠷᠡᠯᠲᠡ᠄ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠤᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1