ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ᠤᠯᠤᠰ ᠲᠦᠷᠦ ᠶᠢᠨ ᠲᠠᠯ᠎ᠠ ᠪᠠᠷ ᠬᠥᠲᠥᠯᠥᠨ ᠳᠠᠭᠠᠭᠤᠯᠬᠤ | ᠪᠠ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠬᠤᠳᠠ ᠶᠢᠨ | ᠠᠮᠢᠳᠤᠷᠠᠯ ᠳᠤ ᠠᠭᠤᠰᠤᠯᠴᠠᠬᠤ᠂ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ᠂ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠡᠳ᠋ᠯᠡᠬᠦ ᠳᠤ ᠬᠦᠴᠦᠨ ᠨᠡᠮᠡᠷᠢᠯᠡᠵᠦ᠂ ᠨᠠᠮ ᠤᠨ ᠰᠢᠨ᠎ᠡ ᠪᠠᠷ ᠬᠥᠭᠵᠢᠭᠰᠡᠨ ᠬᠦᠷᠢᠶᠡᠨ ᠳᠠᠬᠢ | ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠪᠠ ᠤᠷᠢᠶᠠᠯᠠᠬᠤ ᠬᠦᠴᠦᠨ ᠢ ᠤᠯᠠᠮ ᠨᠢᠭᠡ ᠠᠯᠬᠤᠮ | ᠴᠢᠩᠭᠠᠷᠠᠭᠤᠯᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 6 ᠤ ᠡᠳᠦᠷ᠂ ᠲᠣᠭᠲᠠᠬᠤ ᠰᠢᠶᠠᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠲᠣᠭᠲᠠᠬᠤ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ 2023 ᠣᠨ ᠤ ᠲᠣᠭᠲᠠᠬᠤ | ᠰᠢᠶᠠᠨ ᠤ ︽ᠤᠯᠠᠭᠠᠨ ᠵᠥᠭᠡᠢ ᠥᠷᠲᠡᠭᠡ︾ ᠶᠢᠨ ᠫᠠᠶᠢᠰᠠ ᠰᠡᠬᠦᠬᠦ ᠶᠣᠰᠣᠯᠠᠯ ᠲᠣᠭᠲᠠᠬᠤ ᠰᠢᠶᠠᠨ ᠤ ᠱᠦ ᠵᠢᠦᠢ | ᠬᠤᠳᠠᠯᠳᠤᠭᠠᠨ ᠤ ᠶᠠᠪᠤᠳᠠᠯ ᠤᠨ ᠵᠣᠴᠢᠳ ᠤᠨ ᠪᠠᠭᠤᠳᠠᠯ ᠳᠤ ᠶᠠᠪᠤᠭᠳᠠᠪᠠ᠃ | | | | | ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠵᠠᠬᠢᠶᠠᠯᠠᠭ᠎ᠠ ᠶᠢᠨ ᠬᠤᠭᠤᠯᠠᠨ ᠤ ᠠᠷᠪᠠᠨ ᠬᠡᠳᠦᠨ ᠬᠦᠮᠦᠨ | ᠳᠣᠭᠳᠣᠯᠤᠭᠰᠠᠨ ᠰᠡᠳᠬᠢᠯᠭᠡ ᠪᠠᠷ ︽ᠤᠯᠠᠭᠠᠨ ᠵᠥᠭᠡᠢ ᠥᠷᠲᠡᠭᠡ︾ ᠶᠢ ᠨᠠᠭᠠᠰᠢ ᠴᠠᠭᠠᠰᠢ ᠲᠡᠮᠲᠡᠷᠢᠨ ᠦᠵᠡᠵᠦ᠂ | ᠨᠡᠶᠢᠲᠡ ᠶᠢᠨ WIFI ᠲᠠᠢ ᠬᠤᠯᠪᠣᠵᠤ᠂ ᠭᠠᠷ ᠤᠲᠠᠰᠤᠨ ᠳᠠᠭᠠᠨ ᠴᠠᠬᠢᠯᠭᠠᠨ ᠴᠡᠨᠡᠭᠯᠡᠵᠦ᠂ ᠶᠡᠭᠡ ᠲᠢᠩᠬᠢᠮ ᠤᠨ | ᠵᠥᠭᠡᠯᠡᠨ ᠱᠠᠹᠠ ᠪᠣᠯᠣᠨ ᠠᠭᠠᠷ ᠲᠣᠬᠢᠷᠠᠭᠤᠯᠤᠭᠴᠢ ᠠᠴᠠ ᠦᠯᠢᠶᠡᠵᠦ ᠢᠷᠡᠭᠰᠡᠨ ᠬᠦᠢᠲᠡᠨ ᠠᠭᠤᠷ ᠠᠮᠢᠰᠬᠤᠯ ᠨᠢ | ᠪᠢᠴᠢᠬᠠᠨ ᠠᠬ᠎ᠠ ᠳᠡᠭᠦᠦ ᠨᠠᠷ ᠲᠤ ᠦᠨᠡᠨ ᠪᠣᠳᠠᠲᠠᠢ ᠵᠣᠯ ᠵᠢᠷᠭᠠᠯ ᠤᠨ ᠰᠡᠳᠬᠢᠭᠳᠡᠯ ᠣᠯᠭᠤᠭᠰᠠᠨ ᠪᠠᠶᠢᠨ᠎ᠠ᠃ | | | | | | | | ᠲᠣᠭᠲᠠᠬᠤ ᠰᠢᠶᠠᠨ ᠳᠤ᠂ ᠺᠠᠩ ᠪᠦᠦ ᠲᠦ᠋ ᠵᠡᠷᠭᠡ ᠰᠢᠨ᠎ᠡ ᠪᠠᠷ ᠠᠵᠢᠯ ᠣᠯᠣᠭᠰᠠᠳ 300 ᠰᠢᠬᠠᠮ ᠪᠠᠶᠢᠵᠤ᠂ | ᠲᠠᠳᠠ ᠶᠠᠭ ᠪᠠᠯᠲᠤ ᠵᠥᠭᠡᠢ ᠰᠢᠭ ᠰᠢᠶᠠᠨ ᠤ ᠵᠡᠭᠡᠯᠢ ᠭᠤᠳᠤᠮᠵᠢ ᠪᠠᠷ ᠢᠳᠡᠪᠬᠢᠲᠡᠢ ᠠᠵᠢᠯᠯᠠᠵᠤ᠂ ᠰᠠᠭᠤᠭᠠᠯᠢ | ᠠᠷᠠᠳ ᠤᠨ ᠠᠮᠢᠳᠤᠷᠠᠯ ᠳᠤ ᠲᠥᠬᠦᠮ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠭᠡᠲᠡᠯ᠎ᠡ᠂ ᠰᠢᠨ᠎ᠡ ᠠᠵᠢᠯ | ᠣᠯᠭᠤᠯᠲᠠ ᠶᠢᠨ ᠬᠠᠮᠲᠤᠯᠢᠭ ᠲᠤ ᠪᠠᠰᠠ ᠲᠤᠭ᠎ᠠ ᠨᠢ ᠣᠯᠠᠨ᠂ ᠠᠮᠢᠳᠤᠯᠢᠭ ᠴᠢᠨᠠᠷ ᠢᠶᠠᠷ ᠴᠢᠩᠭ᠎ᠠ᠂ ᠲᠠᠷᠬᠠᠯᠲᠠ ᠨᠢ | ᠣᠯᠠᠨ ᠵᠡᠷᠭᠡ ᠠᠰᠠᠭᠤᠳᠠᠯ ᠲᠤᠯᠭᠠᠷᠠᠵᠤ ᠪᠠᠶᠢᠨ᠎ᠠ᠂ ᠮᠠᠨ ᠤ ᠰᠢᠶᠠᠨ ᠤ ᠬᠢᠨ ︽ᠪᠢᠴᠢᠬᠠᠨ ᠠᠬ᠎ᠠ ᠳᠡᠭᠦᠦ ᠨᠠᠷ︾ ᠤᠨ | ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤ ᠰᠠᠭᠤᠷᠢᠯᠠᠵᠤ᠂ ︽ᠤᠯᠠᠭᠠᠨ ᠵᠥᠭᠡᠢ ᠥᠷᠲᠡᠭᠡ︾ ᠪᠠᠶᠢᠭᠤᠯᠬᠤ ᠪᠠᠷ | ᠳᠠᠮᠵᠢᠭᠤᠯᠤᠨ᠂ ︽ᠪᠢᠴᠢᠬᠠᠨ ᠠᠬ᠎ᠠ ᠳᠡᠭᠦᠦ ᠨᠠᠷ︾ ᠲᠤ ᠤᠰᠤ ᠤᠮᠳᠠ ᠠᠮᠠᠷᠠᠯᠲᠠ᠂ ᠬᠠᠯᠠᠭᠤᠨ ᠨᠣᠭᠤᠭ᠎ᠠ | ᠬᠠᠯᠠᠭᠤᠨ ᠬᠤᠭᠤᠯᠠ᠂ ᠠᠪᠴᠤ ᠶᠠᠪᠤᠬᠤ ᠳᠤ ᠲᠥᠬᠦᠮ ᠴᠠᠬᠢᠯᠭᠠᠨ ᠴᠡᠨᠡᠭᠯᠡᠬᠦ᠂ ᠤᠲᠠᠰᠤ ᠦᠭᠡᠢ ᠪᠠᠷ | ᠰᠦᠯᠵᠢᠶᠡᠨ ᠳᠤ ᠭᠠᠷᠬᠤ᠂ ᠪᠠᠴᠢᠮ ᠪᠠᠶᠢᠳᠠᠯ ᠢ ᠠᠷᠭᠠᠴᠠᠬᠤ ᠡᠮ ᠲᠠᠩ᠂ ᠬᠠᠶᠢᠷ᠎ᠠ ᠬᠠᠯᠠᠮᠵᠢ ᠶᠢᠨ ᠪᠣᠷᠣᠭᠠᠨ ᠤ | ᠰᠢᠬᠦᠷ ᠢ ᠬᠠᠮᠲᠤ ᠪᠠᠷ ᠡᠳ᠋ᠯᠡᠬᠦ᠂ ᠨᠣᠮ ᠪᠢᠴᠢᠭ ᠤᠩᠰᠢᠬᠤ ᠵᠡᠷᠭᠡ ᠣᠯᠠᠨ ᠵᠦᠢᠯ ᠤᠨ ᠰᠦᠢᠳᠬᠡᠯ ᠬᠤᠷᠢᠶᠠᠬᠤ | ᠦᠭᠡᠢ ᠪᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ︽ᠪᠢᠴᠢᠬᠠᠨ ᠠᠬ᠎ᠠ ᠳᠡᠭᠦᠦ ᠨᠠᠷ︾ ᠢ | ᠶᠠᠳᠠᠷᠠᠪᠠᠯ ᠠᠮᠠᠷᠠᠬᠤ ᠭᠠᠵᠠᠷ ᠲᠠᠢ ᠪᠣᠯᠭᠠᠵᠤ᠂ ᠤᠮᠳᠠᠭᠠᠰᠪᠠᠯ ᠬᠠᠯᠠᠭᠤᠨ ᠤᠰᠤ ᠬᠠᠩᠭᠠᠵᠤ᠂ ᠥᠯᠥᠰᠪᠡᠯ ᠬᠠᠯᠠᠭᠤᠨ | ᠬᠤᠭᠤᠯᠠ ᠣᠯᠵᠤ ᠢᠳᠡᠬᠦ ᠪᠣᠯᠭᠠᠵᠤ᠂ ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠪᠠ ᠲᠡᠳᠡᠨ ᠳᠤ | ᠦᠵᠡᠭᠦᠯᠦᠭᠰᠡᠨ ᠳᠡᠮᠵᠢᠯᠭᠡ ᠶᠢ ᠦᠨᠡᠨ ᠪᠣᠳᠠᠲᠠᠢ ᠪᠠᠷ ᠮᠡᠳᠡᠷᠡᠭᠦᠯᠦᠨ᠎ᠡ᠃ | | | | | ᠣᠳᠣ ᠪᠣᠯᠲᠠᠯ᠎ᠠ᠂ ᠮᠠᠨ ᠤ ᠰᠢᠶᠠᠨ ᠤ ᠬᠢᠨ ᠨᠡᠶᠢᠲᠡ 11 ︽ᠤᠯᠠᠭᠠᠨ ᠵᠥᠭᠡᠢ ᠥᠷᠲᠡᠭᠡ︾ ᠶᠢ ᠪᠠᠶᠢᠭᠤᠯᠵᠤ | ᠂ ᠲᠤᠰ ᠲᠤᠰ ᠬᠠᠲᠤᠨ ᠭᠤᠣᠯ ᠶᠡᠭᠡ ᠵᠡᠭᠡᠯᠢ ᠶᠢᠨ ᠷᠦ ᠵᠢᠶᠠ ᠬᠤᠳᠠᠯᠳᠤᠭ᠎ᠠ ᠵᠢᠭᠤᠯᠴᠢᠯᠠᠯ ᠤᠨ ᠪᠠᠭᠤᠳᠠᠯ᠂ | ᠲᠣᠭᠲᠠᠬᠤ ᠶᠡᠭᠡ ᠵᠡᠭᠡᠯᠢ ᠶᠢᠨ ᠲᠠᠷᠢᠶᠠᠯᠠᠩ ᠬᠤᠳᠠᠯᠳᠤᠭᠠᠨ ᠤ ᠪᠠᠩᠬᠢ᠂ ᠵᠠᠮ ᠬᠠᠷᠢᠯᠴᠠᠭᠠᠨ ᠤ ᠲᠣᠪᠴᠢᠶ᠎ᠠ ᠶᠢᠨ | ᠵᠠᠮ ᠤᠨ ᠠᠭᠤᠯᠵᠠᠷ ᠲᠠᠬᠢ ᠪᠠᠯ ᠴᠠᠰᠤ ᠮᠥᠰᠥᠲᠦ ᠬᠤᠳᠠ᠂ ᠬᠠᠮ ᠵᠠᠭᠤᠴᠢᠯᠠᠭᠤᠷ ᠤᠨ ᠲᠥᠪ ᠤᠨ ᠰᠠᠭᠤᠷᠢ | ᠠᠰᠠᠷ ᠤᠨ ᠬᠤᠸᠠ ᠯᠠᠢ ᠱᠢ᠂ ᠭᠤᠸᠠᠩ ᠮᠢᠩ ᠵᠠᠮ ᠪᠣᠯᠣᠨ ᠱᠤᠸᠠᠩ ᠾᠧ ᠵᠠᠮ ᠤᠨ ᠠᠭᠤᠯᠵᠠᠷ ᠤᠨ ᠭᠤᠸᠠᠩ ᠮᠢᠩ | ᠰᠠᠯᠪᠤᠷᠢ ᠪᠠᠩᠬᠢ᠂ ᠳ᠋ᠦᠩᠱᠧᠩ ᠵᠡᠭᠦᠨ ᠵᠠᠮ ᠤᠨ ᠶᠦᠨ ᠵᠦᠩ ᠬᠤᠸᠠ ᠶᠤᠸᠠᠨ ᠪᠠᠭᠤᠳᠠᠯ᠂ ᠯᠢᠦ ᠰᠢᠶᠣᠣ | ᠭᠤᠳᠤᠮᠵᠢ ᠶᠢᠨ ᠨᠧᠢ ᠪᠦ᠋ ᠶᠦᠨ ᠯᠧᠦ᠂ ᠨᠠᠨ ᠫᠢᠩ ᠬᠤᠳᠠᠯᠳᠤᠭᠠᠨ ᠤ ᠵᠡᠭᠡᠯᠢ ᠶᠢᠨ ᠬᠤᠶᠢᠲᠤ ᠵᠠᠮ ᠤᠨ | ᠠᠭᠤᠯᠵᠠᠷ ᠤᠨ ᠱᠦ ᠵᠢᠦᠢ ᠬᠤᠳᠠᠯᠳᠤᠭᠠᠨ ᠤ ᠶᠠᠪᠤᠳᠠᠯ ᠤᠨ ᠪᠠᠭᠤᠳᠠᠯ᠂ ᠯᠦ ᠵᠢᠶᠠ ᠪᠠᠭᠤᠳᠠᠯ ᠤᠨ ᠲᠠᠷᠢᠶᠠᠯᠠᠩ ᠤᠨ | ᠬᠤᠳᠠᠯᠳᠤᠭᠠᠨ ᠤ ᠭᠠᠵᠠᠷ᠂ ᠸᠠᠨ ᠬᠤᠤ ᠮᠢᠩ ᠶᠤᠸᠠᠨ ᠲᠣᠭᠤᠷᠢᠭ ᠤᠨ ᠡᠭᠦᠳᠡᠨ ᠡᠮᠦᠨᠡᠬᠢ ᠸᠠᠨ ᠬᠤᠤ ᠪᠠᠭᠤᠳᠠᠯ | ᠵᠢᠴᠢ ᠲᠤᠭᠳᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠪᠠᠶᠢᠷᠢᠯᠠᠳᠠᠭ᠃ ᠭᠡᠷ ᠪᠣᠯ ᠰᠠᠯᠬᠢ | ᠳᠠᠯᠳᠠᠯᠠᠬᠤ ᠭᠠᠷᠠᠮ ᠪᠤᠯᠤᠩ ᠮᠥᠨ᠂ ᠡᠯ᠎ᠡ ᠵᠦᠢᠯ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠷ | ᠳᠠᠮᠵᠢᠭᠤᠯᠤᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠲᠡᠳᠡᠨ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠤᠲᠠ ᠶᠢᠨ ᠵᠠᠰᠠᠯᠲᠠ ᠳᠤ | ᠠᠭᠤᠰᠤᠯᠴᠠᠭᠤᠯᠵᠤ᠂ ᠬᠤᠲᠠ ᠶᠢᠨ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ᠂ ᠰᠠᠬᠢᠨ | ᠬᠠᠮᠠᠭᠠᠯᠠᠭᠴᠢ ᠪᠣᠯᠭᠠᠨ᠎ᠠ᠃ | ᠢᠷᠡᠯᠳᠡ᠄ ᠲᠣᠭᠲᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |