ᠠᠵᠢᠯᠲᠠᠨ ᠠᠵᠢᠯᠴᠢᠨ ᠤ ᠠᠮᠢᠳᠤᠷᠠᠯ ᠤᠨ ᠬᠡᠪ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ | ᠠᠵᠢᠯᠲᠠᠨ ᠠᠵᠢᠯᠴᠢᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠵᠤ᠂ ᠠᠵᠢᠯᠲᠠᠨ | ᠠᠵᠢᠯᠴᠢᠨ ᠤᠯᠠᠨ ᠲᠦᠮᠡᠨ ᠤ ᠬᠦᠴᠢᠷᠳᠡᠯᠲᠦ ᠶᠠᠪᠤᠳᠠᠯ ᠢ ᠦᠨᠡᠨ ᠬᠦ ᠰᠢᠢᠳᠪᠦᠷᠢᠯᠡᠵᠦ᠂ ᠪᠣᠳᠠᠲᠠᠢ ᠶᠠᠪᠤᠳᠠᠯ᠂ ᠰᠠᠶᠢᠨ | ᠶᠠᠪᠤᠳᠠᠯ ᠬᠢᠵᠦ᠂ ᠬᠡᠰᠡᠭ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠳᠤ | ᠬᠠᠷᠠᠵᠤ ᠬᠠᠮᠢᠶᠠᠷᠬᠤ ᠬᠥᠮᠥᠨ ᠦᠭᠡᠢ ᠪᠠᠶᠢᠬᠤ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ᠶᠢᠨ ᠲᠦᠯᠦᠭᠡ᠂ | ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ 2023 ᠣᠨ ᠤ ᠲᠣᠭᠲᠠᠬᠤ ᠰᠢᠶᠠᠨ ᠤ ᠠᠵᠢᠯᠲᠠᠨ | ᠠᠵᠢᠯᠴᠢᠨ ᠤ ᠦᠷ᠎ᠡ ᠬᠡᠦᠬᠡᠳ ᠤᠨ ︽ᠨᠠᠶᠢᠳᠠᠨ ᠬᠠᠮᠢᠶᠠᠷᠤᠭᠤᠯᠬᠤ ᠠᠩᠭᠢ︾ ᠶᠢᠨ ᠵᠤᠨ ᠤ ᠠᠮᠠᠷᠠᠯᠲᠠ ᠶᠢᠨ | ᠠᠩᠭᠢ ᠶᠢ ᠦᠷᠭᠦᠯᠵᠢᠯᠡᠨ ᠡᠷᠬᠢᠯᠡᠵᠦ᠂ ᠥᠷᠭᠡᠨ ᠤᠯᠠᠨ ᠠᠵᠢᠯᠲᠠᠨ ᠠᠵᠢᠯᠴᠢᠨ ᠳᠤ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠬᠠᠩᠭᠠᠵᠤ᠂ ᠥᠷᠭᠡᠨ ᠤᠯᠠᠨ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡ ᠶᠢ ᠯᠠᠪᠳᠠᠭᠤᠨ᠂ ᠡᠮᠬᠢ ᠵᠢᠷᠤᠮ ᠲᠠᠢ᠂ ᠵᠢᠷᠤᠮᠵᠢᠯ ᠲᠠᠢ ᠪᠠᠷ ᠥᠷᠨᠢᠭᠦᠯᠬᠦ ᠶᠢ ᠦᠨᠡᠨᠬᠦ | ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | 1᠂ ᠨᠠᠶᠢᠳᠠᠨ ᠬᠠᠮᠢᠶᠠᠷᠤᠭᠤᠯᠬᠤ ᠴᠠᠭ᠄ 2023 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ 8 | ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠠᠮᠠᠷᠠᠨ᠎ᠠ᠃ | 2᠂ ᠭᠠᠵᠠᠷ᠄ ᠲᠣᠭᠲᠠᠬᠤ ᠰᠢᠶᠠᠨ ᠤ ᠵᠠᠯᠠᠭᠤᠴᠤᠳ ᠪᠠᠭᠠᠴᠤᠳ ᠤᠨ ᠣᠷᠳᠣᠨ᠃ | 3᠂ ᠭᠥᠯᠢᠶᠡᠨ ᠠᠪᠬᠤ ᠬᠡᠪᠴᠢᠶ᠎ᠡ᠄ ᠳᠣᠣᠷᠠᠬᠢ ᠨᠥᠬᠦᠴᠡᠯ ᠢ ᠬᠠᠮᠲᠤ ᠳᠤᠨᠢ ᠪᠦᠷᠢᠯᠳᠦᠭᠦᠯᠦᠭᠰᠡᠳ ᠨᠡᠷ᠎ᠡ | ᠮᠡᠳᠡᠭᠦᠯᠵᠦ ᠪᠣᠯᠣᠨ᠎ᠠ᠃ | ︵1︶ ᠬᠡᠦᠬᠡᠳ ᠤᠨ ᠨᠠᠰᠤᠨ ᠤ ᠬᠢᠵᠠᠭᠠᠷ ᠨᠢ 5 ︵ᠪᠦᠬᠦᠯᠢ 5 ᠨᠠᠰᠤ ᠶᠢ ᠪᠠᠭᠲᠠᠭᠠᠨ᠎ᠠ︶--12 ︵ | ᠪᠦᠬᠦᠯᠢ 12 ᠨᠠᠰᠤ ᠶᠢ ᠪᠠᠭᠲᠠᠭᠠᠨ᠎ᠠ︶︔ | ︵2︶ ᠪᠦᠬᠦ ᠰᠢᠶᠠᠨ ᠤ ᠠᠵᠢᠯᠴᠢᠨ ᠤ ᠡᠪᠯᠡᠯ ᠵᠣᠬᠢᠶᠠᠨ ᠪᠠᠶᠢᠭᠤᠯᠤᠭᠰᠠᠨ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠦᠷ᠎ᠡ ᠬᠡᠦᠬᠡᠳ︔ | ︵3︶ ᠠᠵᠢᠯᠴᠢᠨ ᠤ ᠡᠪᠯᠡᠯ ᠤᠨ ᠡᠯᠧᠺᠲᠷᠣᠨ ᠭᠡᠰᠢᠭᠦᠨ ᠤ ᠦᠨᠡᠮᠯᠡᠯ ᠲᠠᠢ ᠠᠵᠢᠯᠲᠠᠨ ᠠᠵᠢᠯᠴᠢᠨ ᠤ ᠦᠷ᠎ᠡ | ᠬᠡᠦᠬᠡᠳ︔ | ︵4︶ 13 ᠠᠩᠭᠢ ᠭᠠᠷᠭᠠᠵᠤ᠂ ᠠᠩᠭᠢ ᠪᠦᠷᠢ ᠳᠤ 25 ᠬᠥᠮᠥᠨ ᠲᠠᠢ᠂ ᠨᠡᠷ᠎ᠡ ᠮᠡᠳᠡᠭᠦᠯᠦᠭᠡᠳ | ᠳᠠᠭᠤᠰᠲᠠᠯ᠎ᠠ ᠠᠵᠢᠯᠯᠠᠬᠤ ᠪᠠᠷ ᠲᠥᠯᠥᠪᠯᠡᠵᠦ ᠪᠠᠶᠢᠨ᠎ᠠ᠃ ᠥᠷᠭᠡᠨ ᠤᠯᠠᠨ ᠠᠵᠢᠯᠲᠠᠨ ᠠᠵᠢᠯᠴᠢᠨ ᠴᠠᠭ ᠢ ᠠᠮᠵᠢᠨ | ᠨᠡᠷ᠎ᠡ ᠮᠡᠳᠡᠭᠦᠯᠦᠭᠡᠷᠡᠢ᠃ | 4. ᠵᠠᠷᠤᠳᠠᠯ᠄ ᠲᠠᠩᠰᠠ ᠡᠪᠬᠡᠮᠡᠯ ᠳᠤ ᠪᠠᠶᠢᠭ᠎ᠠ ᠬᠦᠴᠢᠷᠳᠡᠯ ᠲᠠᠢ ᠠᠵᠢᠯᠲᠠᠨ ᠠᠵᠢᠯᠴᠢᠨ ᠤ ᠦᠷ᠎ᠡ ᠬᠡᠦᠬᠡᠳ ᠢ | ᠪᠦᠬᠦᠨ ᠢ ᠰᠦᠢᠳᠬᠡᠯ ᠬᠤᠷᠢᠶᠠᠬᠤ ᠦᠭᠡᠢ︔ ᠪᠤᠰᠤᠳ ᠠᠵᠢᠯᠲᠠᠨ ᠠᠵᠢᠯᠴᠢᠨ ᠤ ᠦᠷ᠎ᠡ ᠬᠡᠦᠬᠡᠳ ᠠᠴᠠ ᠵᠥᠪᠬᠡᠨ | 15 ᠲᠥᠭᠦᠷᠢᠭ ᠤᠨ ᠬᠤᠭᠤᠯᠠᠨ ᠤ ᠵᠠᠷᠤᠳᠠᠯ ︵ᠥᠷᠯᠥᠭᠡ ᠶᠢᠨ ᠬᠤᠭᠤᠯᠠ᠂ ᠦᠳᠡ ᠶᠢᠨ ᠬᠤᠭᠤᠯᠠ᠂ ᠵᠠᠪᠰᠠᠷ ᠤᠨ | ᠴᠠᠭ ᠪᠠᠭᠲᠠᠨ᠎ᠠ︶ ᠬᠤᠷᠢᠶᠠᠵᠤ᠂ ᠪᠤᠰᠤᠳ ᠵᠠᠷᠤᠳᠠᠯ᠂ ᠵᠢᠱᠢᠶᠡᠯᠡᠪᠡᠯ ᠰᠠᠨᠠᠭᠠᠨ ᠳᠤ ᠦᠭᠡᠢ ᠳᠠᠭᠠᠳᠬᠠᠯ ᠤᠨ ᠵᠠᠷᠤᠳᠠᠯ᠂ | ᠤᠷᠢᠨ ᠬᠡᠷᠡᠭᠯᠡᠬᠦ ᠬᠠᠮᠢᠶᠠᠷᠤᠯᠲᠠ ᠶᠢᠨ ᠠᠵᠢᠯᠲᠠᠨ᠂ ᠬᠠᠪᠰᠤᠷᠤᠨ ᠵᠢᠯᠤᠭᠤᠳᠬᠤ ᠪᠠᠭᠰᠢ ᠶᠢᠨ ᠵᠠᠷᠤᠳᠠᠯ᠂ ᠤᠰᠤ | ᠴᠠᠬᠢᠯᠭᠠᠨ ᠳᠤᠯᠠᠭᠠᠯᠠᠭ᠎ᠠ ᠵᠡᠷᠭᠡ ᠶᠢᠨ ᠵᠠᠷᠤᠳᠠᠯ ᠢ ᠪᠦᠬᠦᠨ ᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ | ᠡᠭᠦᠷᠭᠡᠯᠡᠨ᠎ᠡ᠃ | 5᠂ ᠨᠡᠷ᠎ᠡ ᠮᠡᠳᠡᠭᠦᠯᠬᠦ ᠠᠷᠭ᠎ᠠ᠄ ︽ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠡᠶᠢᠲᠡ ᠶᠢᠨ | ᠳ᠋ᠤᠭᠠᠷ︾ ᠢ ᠠᠩᠬᠠᠷᠴᠤ᠂ ᠨᠡᠷ᠎ᠡ ᠮᠡᠳᠡᠭᠦᠯᠬᠦ ᠬᠦᠰᠦᠨᠦᠭᠲᠦ ᠶᠢ ᠪᠠᠭᠤᠯᠭᠠᠨ᠎ᠠ᠃ ᠴᠠᠭᠠᠰᠤᠨ ᠬᠡᠪᠯᠡᠯ ᠤᠨ ᠨᠡᠷ᠎ᠡ | ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ 1 ᠶᠢ ᠦᠵᠡ︶ ᠳᠤ ᠨᠢᠭᠡᠴᠢ ᠶᠢᠨ ᠠᠵᠢᠯᠴᠢᠨ ᠤ ᠡᠪᠯᠡᠯ ᠤᠨ ᠠᠯᠪᠠᠨ | ᠲᠠᠮᠠᠭ᠎ᠠ ᠶᠢ ᠳᠠᠷᠤᠵᠤ᠂ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠴᠢᠨ ᠤ ᠰᠣᠶᠣᠯ ᠤᠨ | ᠣᠷᠳᠣᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠯᠪᠠᠨ ᠭᠡᠷ ᠲᠤ ᠬᠦᠷᠭᠡᠨ᠎ᠡ᠃ ᠡᠯᠧᠺᠲᠷᠣᠨ ᠬᠡᠪᠯᠡᠯ ᠢ | 51376572@qq.com ᠳᠤ ᠬᠦᠷᠭᠡᠨ᠎ᠡ᠃ | | ᠨᠡᠷ᠎ᠡ ᠮᠡᠳᠡᠭᠦᠯᠬᠦ ᠳᠠᠭᠤᠰᠬᠤ ᠴᠠᠭ᠄ 2023 ᠣᠨ ᠤ 6 ᠳ᠋ᠤᠭᠠᠷ ᠰᠠᠷ᠎ᠠ ᠶᠢᠨ 21 ᠤ ᠡᠳᠦᠷ᠃ | ᠬᠠᠷᠢᠯᠴᠠᠬᠤ ᠬᠥᠮᠥᠨ᠄ ᠤᠷᠠᠨ᠎ᠠ | ᠬᠠᠷᠢᠯᠴᠠᠬᠤ ᠤᠲᠠᠰᠤ᠄ 0471-8512484 | ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ | 2023 ᠣᠨ ᠤ 6 ᠳ᠋ᠤᠭᠠᠷ ᠰᠠᠷ᠎ᠠ ᠶᠢᠨ 6 ᠤ ᠡᠳᠦᠷ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ | |