ᠠᠵᠢᠯ ᠬᠢᠪᠡᠯ ᠠᠮᠵᠢᠯᠳᠠ ᠤᠯᠤᠨ᠎ᠠ — ᠦᠵᠡᠯ ᠰᠠᠨᠠᠭ᠋᠎ᠠ ᠶᠢ ᠰᠤᠷᠤᠯᠴᠠᠨ ᠦᠢᠯᠡ ᠠᠵᠢᠯᠯᠠᠭ᠋᠎ᠠ ᠳᠡᠭᠡᠷ᠎ᠡ  ᠪᠠᠨ ᠢᠯᠡᠷᠡᠭᠦᠯᠬᠦ ᠰᠢᠷᠢᠰ ᠦᠭᠦᠯᠡᠮᠵᠢ ⑤
ᠨᠡᠶᠢᠲᠡᠯᠡᠭᠰᠡᠨ ᠴᠠᠭ᠄
2023/6/7
                          ᠠᠨ ᠬᠤᠸᠠ ᠢᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢᠨ ᠵᠣᠷᠢᠯᠭ᠎ᠠ ᠨᠢ ᠪᠣᠯ ᠪᠦᠷ ᠬᠡᠷᠡᠭᠯᠡᠬᠦ ᠶᠢᠨ ᠲᠥᠯᠥᠭᠡ ᠶᠤᠮ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠣᠯᠤᠨ ᠪᠤᠰᠤᠳᠴᠢ ᠶᠢᠷᠲᠢᠨᠴᠦ ᠪᠠᠨ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠳᠤ ᠪᠠᠶᠢᠨ᠎ᠠ᠃ ᠨᠢᠭᠡ ᠬᠤᠭᠤᠴᠠᠭᠠᠨ ᠠᠴᠠ ᠨᠠᠰᠢ᠂ ᠥᠪᠥᠷ ᠮᠣᠩᠭᠤᠯ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠭᠤᠤᠯ ᠰᠡᠳᠦᠪᠲᠦ ᠬᠥᠮᠦᠵᠢᠯ ᠥᠷᠨᠢᠭᠦᠯᠬᠦ ᠬᠠᠯᠠᠭᠤᠨ ᠥᠷᠨᠢᠯᠲᠡ ᠭᠠᠷᠪᠠ᠃ ᠭᠤᠣᠯ ᠰᠡᠳᠦᠪᠲᠦ ᠰᠤᠷᠭᠠᠨ ᠬᠥᠮᠦᠵᠢᠯ ᠤᠨ ︽ᠬᠠᠯᠠᠭᠤᠷᠠᠯ︾ ᠢ ︽ᠪᠣᠳᠠᠲᠠᠢ︾ ᠪᠣᠯᠭᠠᠨ ᠬᠤᠪᠢᠷᠠᠭᠤᠯᠬᠤ ᠳᠤ᠂ ᠪᠢᠳᠡ ᠳᠠᠷᠤᠢ ᠲᠦᠷᠭᠡᠨ ᠬᠥᠳᠡᠯᠦᠯᠴᠡᠵᠦ᠂ ᠬᠠᠨᠴᠤᠢ ᠰᠢᠮᠠᠯᠠᠨ ᠡᠷᠴᠢ ᠵᠣᠷᠢᠭ ᠢᠶᠠᠨ ᠬᠥᠪᠴᠢᠯᠡᠵᠦ᠂ ᠬᠢᠪᠡᠯ ᠲᠤᠶᠢᠯ ᠳᠤᠨᠢ ᠲᠤᠯᠲᠠᠯ᠎ᠠ ᠬᠢᠬᠦ ᠬᠡᠷᠡᠭᠲᠡᠢ︔ ᠨᠡᠩ ᠴᠤ ᠪᠢᠳᠡᠨ ᠤ ᠠᠵᠢᠯᠯᠠᠭ᠎ᠠ ᠳᠠᠭᠠᠨ ᠴᠢᠳᠠᠮᠠᠭᠠᠢ ᠪᠠᠶᠢᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠢᠪᠡᠯ ᠭᠢᠯᠠᠷᠠᠭᠤᠯᠲᠠᠯ᠎ᠠ ᠬᠢᠬᠦ ᠶᠢ ᠱᠠᠭᠠᠷᠳᠠᠨ᠎ᠠ᠃ᠶᠠᠮᠠᠷᠪᠠ ᠬᠠᠷᠠᠯᠲᠠ ᠶᠢᠨ ᠪᠡᠶᠡᠯᠡᠭᠳᠡᠬᠦ ᠨᠢ ᠴᠥᠮ ᠴᠢᠷᠮᠠᠶᠢᠯᠭ᠎ᠠ ᠠᠴᠠ ᠪᠤᠯᠤᠭᠰᠠᠨ ᠶᠤᠮ᠃ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠨᠢ ᠬᠡᠳᠦᠶ ᠰᠤᠷᠤᠯᠴᠠᠭᠰᠠᠨ᠂ ᠬᠡᠳᠦᠶ ᠲᠡᠮᠳᠡᠭᠯᠡᠯ ᠬᠢᠭᠰᠡᠨ᠂ ᠬᠡᠳᠦᠶ ᠴᠡᠭᠡᠵᠢᠯᠡᠭᠰᠡᠨ ᠳᠤ ᠪᠠᠶᠢᠬᠤ ᠪᠢᠰᠢ᠂ ᠵᠠᠩᠭᠢᠯᠠᠭ᠎ᠠ ᠨᠢ ᠰᠤᠷᠤᠯᠴᠠᠬᠤ ᠪᠠᠷ ᠳᠠᠮᠵᠢᠨ ᠦᠨᠡᠨ ᠬᠦ ᠦᠵᠡᠯ ᠰᠠᠨᠠᠭ᠎ᠠ ᠶᠢ ᠬᠦᠨᠳᠡᠵᠦ᠂ ᠰᠦᠭ ᠰᠦᠨᠡᠰᠦ ᠶᠢ ᠨᠢ ᠬᠦᠨᠳᠡᠭᠰᠡᠨ ᠡᠰᠡᠬᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠴᠢᠳᠠᠯ ᠪᠣᠯᠤᠭᠰᠠᠨ ᠡᠰᠡᠬᠦ ᠶᠢ ᠦᠵᠡᠬᠦ ᠬᠡᠷᠡᠭᠲᠡᠶ᠃ ᠦᠵᠡᠯ ᠰᠠᠨᠠᠭ᠎ᠠ ᠶᠢ ᠰᠤᠷᠤᠯᠴᠠᠵᠤ᠂ ᠦᠢᠯᠡ ᠠᠵᠢᠯᠯᠠᠭ᠎ᠠ ᠳᠤ ᠪᠠᠨ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠰᠦᠯᠳᠡ ᠪᠠᠨ ᠪᠠᠳᠠᠷᠠᠭᠤᠯᠵᠤ᠂ ᠪᠡᠶ᠎ᠡ ᠪᠠᠷ ᠢᠶᠠᠨ ︽ᠪᠠᠷᠢᠯᠭ᠎ᠠ ᠶᠢᠨ ᠠᠩᠭᠢ ᠶᠢᠨ ᠳᠠᠷᠤᠭ᠎ᠠ︾ ᠪᠤᠯᠵᠤ᠂ ᠴᠡᠭᠡᠵᠢ ᠲᠦᠷᠢᠨ ︽ᠵᠠᠮ ᠨᠡᠭᠡᠭᠡᠬᠦ ᠬᠤᠰᠢᠭᠤᠴᠢ︾ ᠪᠤᠯᠵᠤ᠂ ᠠᠯᠬᠤᠮ ᠠᠯᠬᠤᠮ ᠢᠶᠠᠷ ᠰᠠᠶᠢᠲᠤᠷ ᠠᠵᠢᠯᠯᠠᠪᠠᠯ ᠰᠠᠶ᠋ᠢ ᠡᠭᠦᠷᠭᠡ ᠪᠠᠨ ᠲᠣᠭᠲᠠᠭᠠᠵᠤ᠂ ᠠᠵᠢᠯ ᠤᠨ ᠪᠠᠶᠢᠷᠢᠯᠠᠭᠤᠯᠤᠯᠲᠠ ᠪᠠᠨ ᠲᠠᠰᠤᠷᠠᠯᠲᠠ ᠦᠭᠡᠢ ᠤᠷᠤᠬᠰᠢ ᠠᠬᠢᠭᠤᠯᠵᠤ ᠴᠢᠳᠠᠨ᠎ᠠ᠃ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠠᠮᠵᠢᠯᠲᠠ ᠪᠦᠲᠦᠮᠵᠢ ᠭᠠᠷᠭᠠᠬᠤ ᠪᠣᠯ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠬᠠᠷᠠᠯᠲᠠ ᠮᠥᠨ᠂ ᠪᠠᠰᠠ ᠴᠤ ᠭᠤᠤᠯ ᠰᠡᠳᠦᠪᠲᠦ ᠬᠥᠮᠦᠵᠢᠯ ᠢ ᠰᠢᠯᠭᠠᠨ ᠪᠠᠶᠢᠴᠠᠭᠠᠬᠤ ᠴᠢᠬᠤᠯᠠ ᠬᠡᠮᠵᠢᠭᠦᠷ ᠮᠥᠨ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠳᠤ ᠠᠪᠴᠤ ᠬᠡᠯᠡᠪᠡᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠨ ᠥᠭᠭᠦᠭᠰᠡᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ︔ ᠤᠨᠤᠯ ᠢ ᠪᠣᠳᠠᠲᠠᠢ ᠲᠠᠢ ᠤᠶᠠᠯᠳᠤᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠭᠦᠨᠵᠡᠭᠡᠢ ᠰᠤᠷᠤᠯᠴᠠᠵᠤ᠂ ᠰᠢᠨ᠎ᠡ ᠵᠦᠢᠯ ᠢ ᠰᠦᠪᠡᠭᠴᠢᠯᠡᠵᠦ᠂ ᠪᠣᠳᠠᠲᠠᠢ ᠠᠵᠢᠯᠯᠠᠬᠤ ᠬᠡᠷᠡᠭᠲᠡᠢ᠃ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠳᠤᠲᠠᠭᠤᠳᠠᠯ ᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡᠪᠰᠢ ᠬᠢᠬᠦ ᠴᠢᠬᠤᠯᠠᠲᠠᠶ ᠶᠠᠪᠤᠳᠠᠯ ᠳᠤ ᠳᠠᠷᠤᠯᠲᠠ ᠲᠠᠢ ᠴᠤ ᠬᠢᠬᠦ ᠬᠡᠷᠡᠭᠲᠡᠶ᠂ ᠡᠷᠬᠡᠪᠰᠢ ᠡᠭᠦᠷᠭᠡᠯᠡᠬᠦ ᠴᠢᠬᠤᠯᠠᠳᠠᠢ ᠬᠠᠷᠢᠭᠤᠴᠠᠯᠭ᠎ᠠ ᠶᠢ ᠠᠶᠤᠯ ᠲᠦᠭᠰᠢᠭᠦᠷᠢ ᠲᠠᠢ    ᠪᠠᠶᠢᠭᠰᠠᠨ ᠴᠦ ᠡᠭᠦᠷᠭᠡᠯᠡᠵᠦ᠂ ᠨᠠᠩ ᠣᠯᠠᠨ ᠪᠦᠲᠦᠭᠡᠯᠴᠢ ᠴᠢᠨᠠᠷᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠶ ᠰᠡᠳᠬᠢᠮᠵᠢ ᠠᠷᠭ᠎ᠠ ᠬᠡᠮᠵᠢᠶ᠎ᠡ ᠶᠢ ᠴᠢᠷᠮᠠᠶᠢᠨ ᠲᠤᠭᠳᠠᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠶ᠃ᠬᠢᠬᠦ ᠭᠡᠳᠡᠭ ᠨᠢ ᠶᠣᠰᠣᠴᠢᠯᠠᠨ ᠳᠠᠭᠤᠷᠢᠶᠠᠬᠤ ᠪᠢᠰᠢ᠂ ᠨᠡᠩ ᠴᠤ ︽ᠬᠤᠷᠢᠶᠠᠨ ᠳᠠᠮᠵᠢᠭᠤᠯᠬᠤ ᠲᠠᠰᠤᠭ︾᠂ ︽ᠳᠠᠭᠤ ᠳᠠᠮᠵᠢᠭᠤᠯᠤᠭᠴᠢ︾ ᠪᠢᠰᠢ᠂ ᠬᠠᠷᠢᠨ ᠬᠤᠭᠤᠰᠣᠨ ᠪᠣᠳᠣᠯ ᠬᠤᠭᠤᠰᠣᠨ ᠶᠠᠷᠢᠶ᠎ᠠ ᠶᠢ ᠬᠥᠭᠡᠭᠡᠴᠡᠯᠳᠦᠬᠦ ᠦᠭᠡᠢ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠪᠦᠲᠦᠭᠡᠯᠴᠢ ᠴᠢᠨᠠᠷᠲᠠᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠪᠣᠯᠭᠠᠨ ᠬᠤᠪᠢᠷᠠᠭᠤᠯᠤᠨ᠂ ᠬᠥᠭᠵᠢᠯᠲᠡ ᠶᠢᠨ ᠳᠤᠮᠳᠠ ᠠᠰᠠᠭᠤᠳᠠᠯ ᠢ ᠲᠠᠰᠤᠷᠠᠯᠲᠠ ᠦᠭᠡᠢ ᠢᠯᠡᠷᠡᠭᠦᠯᠵᠦ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠠᠮᠤᠭ ᠤᠨ ᠰᠢᠯᠢᠳᠡᠭ ᠠᠷᠭ᠎ᠠ ᠶᠢ ᠳᠤᠷᠠᠳᠬᠤ ᠬᠡᠷᠡᠭᠲᠡᠢ᠂ ᠬᠠᠮᠢᠭ᠎ᠠ ᠠᠰᠠᠭᠤᠳᠠᠯ ᠲᠠᠢ ᠭᠡᠪᠡᠯ ᠲᠡᠷᠡ ᠶᠢ  ᠨᠢ ᠢᠯᠡᠷᠡᠭᠦᠯᠬᠦ ᠤᠬᠠᠮᠰᠠᠷ ᠪᠠ ᠠᠯᠢ ᠶᠢ ᠨᠢ ᠢᠯᠡᠷᠡᠭᠦᠯᠪᠡᠯ ᠲᠡᠷᠡ ᠶᠢ ᠨᠢ ᠰᠢᠢᠳᠪᠦᠷᠢᠯᠡᠬᠦ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠭᠠᠷᠭᠠᠨ᠂ ᠰᠢᠨ᠎ᠡ ᠦᠢᠯᠡᠰ ᠢ ᠪᠦᠲᠦᠭᠡᠵᠦ᠂ ᠰᠢᠨ᠎ᠡ ᠣᠷᠣᠨ ᠵᠠᠢ ᠶᠢ ᠡᠭᠦᠳᠦᠨ᠎ᠡ᠃ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ        
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1