ᠪᠠᠶᠢᠬᠤ ᠡᠰᠡᠬᠦ ᠠᠴᠠ ᠰᠠᠶᠢᠨ ᠡᠰᠡᠬᠦ ᠲᠡᠶᠢᠰᠢ ᠬᠤᠪᠢᠷᠠᠵᠦ ᠬᠤᠲᠠ ᠶᠢᠨ ᠰᠢᠨᠡᠴᠢᠯᠡᠯᠲᠡ ᠴᠢᠬᠤᠯᠠ ᠴᠠᠭ ᠦᠶ᠎ᠡ ᠳᠤ ᠣᠷᠣᠪᠠ
ᠨᠡᠶᠢᠲᠡᠯᠡᠭᠰᠡᠨ ᠴᠠᠭ᠄
2023/6/7
      ᠣᠶᠢᠷ᠎ᠠ ᠶᠢᠨ ᠬᠤᠭᠤᠴᠠᠭᠠᠨ ᠳᠤ᠂ ᠣᠯᠠᠨ ᠭᠠᠵᠠᠷ ᠲᠤ ᠬᠤᠲᠠ ᠶᠢᠨ ᠰᠢᠨᠡᠴᠢᠯᠡᠯᠲᠡ ᠪᠥᠲᠥᠭᠡᠨ ᠪᠠᠶᠢᠭᠤᠯᠤᠯᠲᠠ ᠶᠢ ᠵᠠᠯᠭᠠᠭ᠎ᠠ ᠪᠠᠷ ᠠᠬᠢᠭᠤᠯᠵᠤ᠂ ᠶᠡᠭᠡ ᠪᠠᠷ ᠨᠤᠷᠠᠭᠠᠨ ᠶᠡᠭᠡ ᠪᠠᠷ ᠪᠥᠲᠥᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠪᠢᠴᠢᠯ ᠥᠭᠡᠷᠡᠴᠢᠯᠡᠯᠲᠡ ᠬᠢᠬᠦ ᠶᠢ ᠵᠤᠷᠢᠭᠵᠢᠭᠤᠯᠬᠤ ᠪᠢᠴᠢᠭ ᠮᠠᠲ᠋ᠧᠷᠢᠶᠠᠯ ᠵᠠᠯᠭᠠᠭᠠᠪᠡᠷ ᠨᠡᠶᠢᠳᠡᠯᠡᠵᠦ ᠣᠳᠣᠬᠢ ᠱᠠᠲᠤᠨ ᠤ ᠬᠤᠲᠠ ᠶᠢᠨ ᠰᠢᠨᠡᠴᠢᠯᠡᠯᠲᠡ ᠶᠢᠨ ᠴᠢᠬᠤᠯᠠ ᠵᠠᠷᠴᠢᠮ ᠪᠣᠯᠭᠠᠪᠠ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠴᠦ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠲᠠ ᠳᠤ ᠰᠠᠭᠤᠷᠢᠯᠠᠭᠰᠠᠨ ᠰᠢᠨ᠎ᠡ ᠬᠡᠯᠪᠡᠷᠢ ᠶᠢᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠳᠠ ᠶᠢ ᠨᠡᠩ ︽  ᠤᠶᠤᠨᠴᠢ︾ ᠪᠣᠯᠭᠠᠪᠠ᠃ ᠠᠵᠢᠯ ᠲᠦᠷᠦᠯ ᠤᠨ ᠬᠥᠮᠦᠰ ᠤᠨ ᠦᠵᠡᠬᠦ ᠪᠠᠷ᠂ ᠬᠤᠳᠠ ᠶᠢᠨ ᠰᠢᠨᠡᠴᠢᠯᠡᠯᠲᠡ ᠪᠣᠯ ᠬᠤᠳᠠ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠪᠣᠯᠬᠤ ᠪᠠᠷ ᠪᠠᠷᠠᠬᠤ ᠦᠭᠡᠢ᠂ ᠪᠠᠰᠠ ᠴᠤ ᠮᠠᠨ ᠤ ᠤᠯᠤᠰ ᠤᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠵᠤᠯ ᠵᠢᠷᠭᠠᠯ ᠢ ᠨᠡᠮᠡᠭᠳᠡᠭᠦᠯᠬᠦ ᠶᠢᠨ ᠴᠢᠬᠤᠯᠠ ᠬᠦᠴᠦᠯᠡᠬᠦ ᠴᠡᠭ ᠪᠣᠯᠤᠨ᠎ᠠ᠃        ᠣᠯᠠᠨ ᠭᠠᠵᠠᠷ ᠲᠤ ᠬᠤᠲᠠ ᠶᠢᠨ ᠰᠢᠨᠡᠴᠢᠯᠡᠯᠲᠡ ᠶᠢᠨ ᠠᠵᠢᠯ ᠢ ᠲᠦᠷᠭᠡᠳᠭᠡᠨ ᠠᠬᠢᠭᠤᠯᠵᠤ ᠪᠠᠶᠢᠨ᠎ᠠ︽ᠬᠤᠲᠠ ᠶᠢᠨ ᠰᠢᠨᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠬᠠᠩᠵᠧᠦ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾  ᠳᠤ ᠳᠤᠷᠠᠳᠤᠭᠰᠠᠨ ᠨᠢ᠂ 6 ᠳ᠋ᠤᠭᠠᠷ ᠰᠠᠷ᠎ᠠ ᠶᠢᠨ 12 ᠠᠴᠠ ᠡᠬᠢᠯᠡᠨ᠂ ᠬᠠᠩᠵᠧᠦ ᠬᠤᠲᠠ ᠶᠢᠨ ᠰᠢᠨᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠰᠠᠨᠠᠯ ᠢ ᠦᠨᠳᠦᠰᠦᠯᠡᠪᠡᠯ᠂ ᠬᠠᠩᠵᠧᠦ ᠬᠤᠲᠠ 2023 ᠣᠨ ᠳᠤ ᠣᠷᠣᠨ ᠨᠤᠲᠤᠭ ᠤᠨ ᠣᠨᠴᠠᠯᠢᠭ ᠲᠠᠢ ᠬᠤᠲᠠ ᠶᠢᠨ ᠰᠢᠨᠡᠴᠢᠯᠡᠯᠲᠡ ᠶᠢᠨ ᠠᠵᠢᠯ ᠤᠨ ᠰᠢᠰᠲ᠋ᠧᠮ ᠢ ᠦᠨᠳᠦᠰᠦᠨ ᠳᠤ ᠪᠠᠨ ᠪᠦᠷᠢᠯᠳᠦᠭᠦᠯᠵᠦ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ 2025 ᠤᠨ ᠪᠣᠯᠬᠤ ᠳᠤ᠂ ᠠᠯᠢ ᠣᠯᠠᠨ ᠬᠤᠲᠠ ᠶᠢᠨ ᠰᠢᠨᠡᠴᠢᠯᠡᠯᠲᠡ ᠶᠢᠨ ᠦᠷ᠎ᠡ ᠪᠦᠲᠦᠭᠡᠯ ᠬᠢᠭᠡᠳ ᠬᠡᠷᠡᠭᠵᠢᠭᠦᠯᠬᠦ ᠵᠠᠭᠪᠤᠷ ᠢ ᠪᠦᠷᠢᠯᠳᠦᠭᠦᠯᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠬᠤᠲᠠ ᠶᠢᠨ ᠰᠢᠨᠡᠴᠢᠯᠡᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠷᠢᠯᠳᠦᠭᠦᠯᠦᠨ᠎ᠡ᠃ 2035 ᠤᠨ ᠪᠣᠯᠬᠤ ᠳᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷ᠂ ᠤᠶᠤᠨᠴᠢ ᠬᠠᠷᠠᠯᠲᠠ ᠂ ᠬᠤᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠵᠠᠰᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠪᠥᠬᠦ ᠦᠶᠡᠯᠡᠯ ᠤᠨ ᠬᠤᠭᠤᠴᠠᠭᠠᠨ ᠳᠤ ᠴᠢᠨᠠᠷ ᠰᠠᠶᠢᠲᠠᠶ ᠦᠷᠭᠦᠯᠵᠢᠯᠡᠨ ᠬᠥᠭᠵᠢᠭᠰᠡᠨ ᠬᠤᠲᠠ ᠶᠢᠨ ᠰᠢᠨᠡᠴᠢᠯᠡᠯᠲᠡ ᠶᠢᠨ ᠵᠢᠱᠢᠶ᠎ᠡ ᠶᠢ ᠪᠣᠶ ᠪᠣᠯᠭᠠᠨ᠎ᠠ᠃ᠱᠠᠩᠬᠠᠶ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠱᠠᠩᠬᠠᠶ ᠬᠤᠲᠠ ᠶᠢᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭᠠᠨ ᠤ ᠲᠥᠰᠦᠯ ︵2023  ᠠᠴᠠ 2025 ᠣᠨ︶︾ ᠳᠤ ᠣᠷᠣᠨ ᠪᠦᠰᠡ ᠶᠢᠨ ᠰᠢᠨᠡᠴᠢᠯᠡᠯᠲᠡ ᠪᠠᠷ ᠭᠤᠤᠯᠳᠠᠯᠭ᠎ᠠ ᠪᠣᠯᠭᠠᠵᠤ᠂ ᠶᠡᠷᠦᠩᠬᠡᠶᠢᠯᠡᠭᠰᠡᠨ ᠣᠷᠣᠨ ᠪᠦᠰᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠣᠯᠠᠨ ᠨᠡᠶᠢᠲᠡ ᠶᠢᠨ ᠣᠷᠣᠨ ᠵᠠᠶ᠂ ᠲᠡᠤᠬᠡ ᠶᠢᠨ ᠳᠦᠷᠰᠦ ᠪᠠᠶᠢᠳᠠᠯ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠬᠤᠳᠠᠯᠳᠤᠭᠠᠨ ᠤ ᠶᠠᠪᠤᠳᠠᠯ ᠤᠨ ᠲᠥᠷᠥᠯ ᠵᠦᠢᠯ ᠢ ᠥᠭᠡᠷᠡᠴᠢᠯᠡᠬᠦ ᠵᠡᠷᠭᠡ ᠵᠢᠷᠭᠤᠭᠠᠨ ᠶᠡᠭᠡ ᠠᠵᠢᠯᠯᠠᠭ᠎ᠠ ᠶᠢ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠰᠢᠨᠡᠴᠢᠯᠡᠯᠲᠡ ᠶᠢ ᠱᠠᠲᠤ ᠬᠤᠪᠢᠶᠠᠵᠤ᠂ ᠲᠥᠷᠥᠯ ᠬᠤᠪᠢᠶᠠᠨ᠂ ᠣᠷᠣᠨ ᠪᠦᠰᠡ ᠬᠤᠪᠢᠶᠠᠨ᠂ ᠰᠢᠰᠲ᠋ᠧᠮᠵᠢᠭᠦᠯᠦᠨ ᠠᠬᠢᠭᠤᠯᠵᠤ᠂ ᠬᠤᠲᠠ ᠶᠢᠨ ᠰᠢᠨᠡᠴᠢᠯᠡᠯᠲᠡ ᠶᠢ ᠠᠬᠢᠭᠤᠯᠤᠨ᠎ᠠ᠃ᠬᠡᠰᠡᠭ ᠭᠠᠵᠠᠷ ᠣᠷᠣᠨ ᠪᠢᠴᠢᠭ ᠮᠠᠲ᠋ᠧᠷᠢᠶᠠᠯ ᠢ ᠳᠣᠷᠣᠭᠰᠢ ᠪᠠᠭᠤᠯᠭᠠᠬᠤ ᠶᠢᠨ ᠬᠠᠮᠲᠤ᠂ ᠵᠠᠷᠢᠮ ᠭᠠᠵᠠᠷ ᠣᠷᠣᠨ ᠲᠥᠷᠥᠯ ᠵᠦᠢᠯ ᠤᠨ ᠬᠥᠮᠥᠷᠭᠡ ᠪᠡᠯᠡᠳᠬᠡᠪᠡ᠃  ︽ᠴᠦᠩᠴᠢᠩ ᠬᠤᠲᠠ ᠶᠢᠨ ᠬᠤᠲᠠ ᠶᠢᠨ ᠰᠢᠨᠡᠴᠢᠯᠡᠯᠲᠡ ᠬᠤᠳᠠᠯᠳᠤᠭᠠᠴᠢᠨ ᠤᠷᠢᠬᠤ ᠭᠠᠷ ᠳᠡᠪᠲᠡᠷ︾ ᠳᠤ ᠲᠣᠰ ᠬᠤᠲᠠ ᠶᠢᠨ ᠶᠠᠭ ᠰᠠᠶᠢᠬᠠᠨ ᠠᠬᠢᠭᠤᠯᠵᠤ ᠪᠠᠶᠢᠭ᠎ᠠ ᠵᠢᠴᠢ ᠤᠳᠠᠯ ᠥᠬᠡᠶ ᠬᠡᠷᠡᠭᠵᠢᠭᠦᠯᠬᠦ ᠭᠡᠵᠦ ᠪᠠᠶᠢᠭ᠎ᠠ 110 ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠲᠤᠬᠠᠶ ᠲᠠᠨᠢᠯᠴᠠᠭᠤᠯᠭ᠎ᠠ ᠬᠢᠵᠦ᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠬᠥᠮᠥᠷᠭᠡ ᠶᠢᠨ ᠳᠣᠲᠣᠷᠠᠬᠢ ᠲᠥᠷᠥᠯ ᠵᠦᠢᠯ ᠪᠠ ᠬᠥᠮᠥᠷᠭᠡ ᠳᠤ ᠣᠷᠣᠭᠤᠯᠤᠭᠠᠳᠤᠶ ᠲᠥᠷᠥᠯ ᠵᠦᠢᠯ ᠢ ᠪᠠᠭᠲᠠᠭᠠᠵᠤ᠂ ᠭᠤᠤᠯᠳᠠᠭᠤ ᠬᠠᠭᠤᠴᠢᠨ ᠵᠢᠵᠢᠭ ᠲᠣᠭᠤᠷᠢᠭ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠦᠢᠯᠡᠳᠪᠦᠷᠢ ᠶᠢᠨ ᠲᠣᠭᠤᠷᠢᠭ᠂ ᠲᠡᠤᠬᠡ ᠰᠣᠶᠣᠯ ᠤᠨ ᠲᠣᠭᠤᠷᠢᠭ᠂ ᠬᠠᠭᠤᠴᠢᠨ ᠬᠤᠳᠠᠯᠳᠤᠭᠠᠨ ᠤ ᠲᠣᠭᠤᠷᠢᠭ ᠵᠡᠷᠭᠡ ᠲᠥᠷᠥᠯ ᠵᠦᠢᠯ ᠬᠤᠪᠢᠶᠠᠨ᠎ᠠ᠃ᠴᠢᠩᠳᠣᠣ ᠪᠠᠰᠠ ᠬᠤᠲᠠ ᠶᠢᠨ ᠰᠢᠨᠡᠴᠢᠯᠡᠯᠲᠡ ᠶᠢᠨ ᠠᠯᠬᠤᠴᠠ ᠶᠢ ᠦᠷᠭᠦᠯᠵᠢᠯᠡᠨ ᠲᠦᠷᠭᠡᠳᠬᠡᠵᠦ᠂ ᠵᠢᠯ ᠤᠨ ᠳᠣᠲᠣᠷ᠎ᠠ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ 1296 ᠪᠠᠶᠢᠵᠤ᠂ ᠣᠨ ᠤ ᠪᠡᠯᠡ ᠣᠷᠣᠭᠤᠯᠤᠯᠲᠠ 1995.4 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠠᠶᠢᠨ᠎ᠠ᠃ ᠴᠢᠩᠳᠣᠤ ᠶᠢᠨ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠳᠤ ᠬᠠᠭᠤᠴᠢᠨ ᠬᠤᠲᠠ ᠬᠠᠭᠤᠴᠢᠨ ᠲᠣᠰᠬᠤᠨ ᠢ ᠥᠭᠡᠷᠡᠴᠢᠯᠡᠨ ᠪᠠᠶᠢᠭᠤᠯᠬᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠴᠡᠴᠡᠷᠯᠢᠭ ᠬᠤᠲᠠ ᠶᠢᠨ ᠪᠥᠲᠥᠭᠡᠨ ᠪᠠᠶᠢᠭᠤᠯᠤᠯᠲᠠ᠂ ᠦᠷ᠎ᠡ ᠠᠰᠢᠭ ᠢᠶᠠᠷ ᠳᠣᠤᠷ᠎ᠠ ᠬᠡᠰᠡᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠶᠢ ᠪᠠᠭᠲᠠᠭᠠᠬᠤ ᠶᠢᠨ ᠬᠠᠮᠲᠤ ᠦᠷ᠎ᠡ ᠪᠦᠲᠦᠮᠵᠢ ᠪᠠᠷ ᠳᠣᠤᠷ᠎ᠠ ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ᠂ ᠴᠢᠨᠠᠷ ᠰᠠᠶᠢᠲᠠᠶ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠤᠯᠢᠬᠤ︾ ᠶᠡᠭᠡ ᠪᠠᠷ ᠨᠤᠷᠠᠭᠠᠵᠤ  ᠶᠡᠭᠡ ᠪᠠᠷ ᠪᠦᠲᠦᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠬᠤ ᠶᠡᠭᠡ ᠪᠠᠷ ᠨᠤᠷᠠᠭᠠᠬᠤ ᠶᠡᠭᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠬᠠᠮᠤᠭ ᠤᠨ ᠶᠡᠭᠡ ᠬᠡᠮᠵᠢᠶ᠎ᠡ ᠪᠠᠷ ᠬᠤᠳᠠ ᠶᠢᠨ ᠳᠤᠷᠠᠰᠤᠮᠵᠢ ᠶᠢ ᠦᠯᠡᠳᠡᠭᠡᠵᠦ᠂ ᠬᠤᠳᠠ ᠶᠢᠨ ᠲᠡᠦᠬᠡ ᠰᠣᠶᠣᠯ ᠤᠨ ᠰᠤᠳᠠᠰᠤ ᠶᠢ ᠰᠠᠬᠢᠵᠤ᠂ ᠡᠳᠡᠭᠡᠷ  ᠨᠢ ᠣᠳᠣᠬᠢ ᠱᠠᠲᠤᠨ ᠤ ᠮᠠᠨ ᠤ ᠤᠯᠤᠰ ᠤᠨ ᠬᠤᠳᠠ ᠶᠢᠨ ᠰᠢᠨᠡᠴᠢᠯᠡᠯᠲᠡ ᠶᠢᠨ ᠴᠢᠬᠤᠯᠠ ᠵᠠᠷᠴᠢᠮ ᠪᠠ ᠦᠢᠯᠡᠳᠦᠯᠭᠡ ᠪᠣᠯᠵᠤ ᠪᠠᠶᠢᠨ᠎ᠠ᠃︽ᠡᠨᠡ ᠪᠣᠯ ᠨᠡᠶᠢᠰᠯᠡᠯ ᠤᠨ ᠪᠤᠯᠤᠳ ᠲᠡᠮᠦᠷ ᠤᠨ ᠬᠦᠷᠢᠶᠡᠯᠡᠩ ᠤᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠭᠤᠷᠪᠠᠨ ᠥᠨᠳᠥᠷ ᠵᠤᠤᠬ᠎ᠠ ᠪᠣᠯᠤᠨ᠎ᠠ᠂ ᠲᠡᠭᠡᠪᠡᠯ ᠪᠢᠳᠡ ᠦᠵᠡᠮᠵᠢ ᠪᠠᠭ᠋ᠠᠷᠬᠠᠬᠤ ᠴᠠᠬᠢᠯᠭᠠᠨ ᠱᠠᠲᠤᠨ ᠳᠤ ᠰᠠᠭᠤᠵᠤ 70 ᠮᠧᠲᠷ ᠥᠨᠳᠥᠷ ᠲᠡᠷᠭᠡ ᠰᠡᠯᠪᠢᠨ ᠵᠠᠰᠠᠬᠤ ᠲᠠᠪᠴᠠᠩ ᠳᠤ ᠰᠠᠭᠤᠵᠤ᠂ ᠪᠦᠬᠦᠶᠢᠯᠡ  ᠨᠡᠶᠢᠰᠯᠡᠯ ᠤᠨ ᠪᠤᠯᠤᠳ ᠲᠡᠮᠦᠷ ᠤᠨ ᠬᠦᠷᠢᠶᠡᠯᠡᠩ ᠤᠨ ᠦᠵᠡᠮᠵᠢ ᠶᠢ ᠣᠯᠵᠤ ᠬᠠᠷᠠᠵᠤ ᠪᠣᠯᠤᠨ᠎ᠠ᠃ ᠣᠷᠣᠢ ᠪᠣᠯᠬᠤ ᠳᠤ᠂ ᠭᠤᠷᠪᠠᠨ ᠥᠨᠳᠥᠷ ᠵᠤᠤᠬ᠎ᠠ ᠭᠡᠷᠡᠯᠲᠦᠵᠦ᠂  ᠤᠯᠠᠭᠠᠨ ᠦᠩᠭᠡᠳᠤ ᠭᠠᠳᠠᠷ ᠲᠦᠷᠰᠦ ᠨᠢ ᠶᠠᠭ ᠯᠠ ᠥᠩᠭᠡᠷᠡᠭᠰᠡᠨ ᠤ ᠬᠦᠷ ᠨᠠᠷᠭᠢᠶᠠᠨ ᠲᠠᠢ ᠪᠣᠯᠣᠳ ᠬᠠᠶᠢᠯᠤᠮᠠᠯ ᠰᠢᠭ︾ ᠭᠡᠵᠦ ᠵᠠᠮᠴᠢᠯᠠᠭᠴᠢ ᠰᠢᠶᠣᠣ ᠯᠢ ᠲᠤᠰ ᠤᠳᠠᠭᠠᠨ ᠤ ᠵᠢᠭᠤᠯᠴᠢᠯᠠᠯ ᠤᠨ ᠪᠥᠯᠬᠦᠮ ᠤᠨ ᠨᠠᠶᠢᠵᠠ ᠨᠠᠷ ᠲᠤ ᠲᠠᠨᠢᠯᠴᠠᠭᠤᠯᠵᠠᠢ᠃ᠣᠳᠣ ᠪᠣᠯᠬᠤ ᠳᠤ᠂ 20 ᠳ᠋ᠤᠭᠠᠷ ᠵᠠᠭᠤᠨ ᠤ ᠲᠠᠪᠢᠭᠠᠳ ᠣᠨ ᠤ ᠦᠶ᠎ᠡ ᠳᠤ ᠪᠠᠶᠢᠭᠤᠯᠤᠭᠰᠠᠨ ᠡᠨᠡ ᠬᠦ ︽ᠭᠤᠷᠪᠠᠨ ᠥᠨᠳᠥᠷ ᠵᠤᠤᠬ᠎ᠠ︾ ᠨᠢ ᠥᠩᠭᠡᠷᠡᠭᠰᠡᠨ ᠤ ᠪᠣᠯᠣᠳ ᠦᠢᠯᠡᠳᠪᠦᠷᠢᠯᠡᠬᠦ ᠦᠵᠡᠮᠵᠢ ᠶᠢ ᠠᠯᠢ ᠬᠡᠳᠦᠶᠢᠨ ᠣᠯᠵᠤ ᠬᠠᠷᠠᠬᠤ ᠦᠭᠡᠢ ᠪᠣᠯᠵᠤ᠂ ᠡᠯ᠎ᠡ ᠵᠦᠢᠯ ᠤᠨ ᠲᠣᠮᠣ ᠬᠡᠯᠪᠡᠷᠢ ᠶᠢᠨ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠬᠦ ᠠᠩᠬᠠᠷᠤᠯ ᠢ ᠲᠠᠳᠤᠭᠰᠠᠨ ᠭᠠᠵᠠᠷ ᠤᠨ ᠲᠡᠮᠳᠡᠭ ᠪᠣᠯᠵᠤ᠂ ᠵᠢᠭᠤᠯᠴᠢᠯᠠᠭᠴᠢᠳ ᠤᠨ ᠲᠠᠭᠠᠰᠢᠶᠠᠯ ᠢ ᠣᠯᠣᠭᠰᠠᠨ ᠰᠦᠯᠵᠢᠶᠡᠨ ᠤ ᠬᠠᠯᠠᠭᠤᠷᠠᠯ ᠭᠠᠵᠠᠷ ᠪᠣᠯᠤᠭᠰᠠᠨ ᠪᠠᠶᠢᠨ᠎ᠠ᠃ᠴᠦᠩᠴᠢᠩ ᠬᠤᠲᠠ ᠶᠢᠨ ᠳᠤᠮᠳᠠᠳᠤ ᠠᠩᠭᠢᠯᠢ ᠤᠨ ᠬᠤᠯᠪᠣᠭ᠎ᠠ ᠠᠪᠬᠤ ᠭᠠᠵᠠᠷ ᠤᠨ ᠬᠠᠭᠤᠴᠢᠨ ᠪᠠᠭᠤᠷᠢ ᠨᠢ ᠪᠢᠴᠢᠯ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠵᠠᠭᠤ ᠭᠠᠷᠤᠢ ᠵᠢᠯ ᠤᠨ ᠲᠡᠦᠬᠡ ᠲᠠᠢ ᠪᠦᠬᠦ ᠤᠯᠤᠰ ᠤᠨ ᠭᠤᠣᠯᠳᠠᠯᠭ᠎ᠠ ᠲᠠᠢ ᠰᠣᠶᠣᠯ ᠤᠨ ᠪᠠᠷᠢᠯᠭ᠎ᠠ ᠶᠢᠨ ᠠᠵᠢᠯ ᠨᠢ ᠰᠢᠨ᠎ᠡ ᠪᠠᠷ ᠪᠠᠶᠢᠭᠤᠯᠤᠭᠳᠠᠭᠰᠠᠨ ︽ᠬᠠᠯᠠᠭᠤᠷᠠᠯ ᠴᠡᠭ︾ ᠪᠣᠯᠤᠭᠰᠠᠨ ᠪᠠᠶᠢᠨ᠎ᠠ᠃ ᠵᠢᠨᠠᠨ ᠳᠤ᠂ ᠵᠠᠭᠤᠨ ᠵᠢᠯ ᠤᠨ ᠲᠡᠦᠬᠡ ᠲᠠᠢ ᠴᠧᠩ ᠹᠧᠩ ᠭᠤᠯᠢᠷ ᠶᠢᠨ ᠦᠢᠯᠡᠳᠪᠦᠷᠢ ᠨᠢ ᠱᠠᠩᠳᠤᠩ ᠤᠨ ᠠᠩᠬᠠᠳᠠᠭᠴᠢ ᠡᠯᠧᠺᠲᠷᠣᠨ ᠥᠷᠢᠰᠦᠯᠳᠦᠭᠡᠨ ᠤ ᠰᠢᠨ᠎ᠡ ᠵᠠᠭᠤᠴᠢᠯᠠᠭᠤᠷ ᠤᠨ ᠠᠵᠤ ᠦᠢᠯᠡᠰ ᠤᠨ ᠬᠦᠷᠢᠶᠡᠯᠡᠩ ᠪᠣᠯᠵᠤ ᠂ ᠡᠯᠧᠺᠲᠷᠣᠨ ᠥᠷᠢᠰᠦᠯᠳᠦᠭᠡᠨ ᠪᠠ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠤᠷᠤᠯᠳᠤᠭᠠᠨ᠂ ᠬᠡᠷᠡᠭᠯᠡᠯᠲᠡ᠂ ᠦᠢᠯᠡᠳᠪᠦᠷᠢᠯᠡᠯ᠂ ᠰᠤᠷᠤᠯᠴᠠᠬᠤ᠂ ᠰᠤᠳᠤᠯᠭᠠᠨ ᠵᠡᠷᠭᠡ ︽ᠲᠠᠪᠤ ᠶᠢ ᠨᠢᠭᠡ ᠴᠣᠭᠴᠠᠵᠢᠭᠤᠯᠬᠤ︾ ᠠᠵᠤ ᠦᠢᠯᠡᠰ ᠤᠨ ᠬᠦᠷᠢᠶᠡᠯᠡᠩ ᠪᠤᠯᠵᠠᠢ᠃ᠨᠡᠶᠢᠰᠯᠡᠯ ᠤᠨ ᠪᠤᠯᠤᠳ ᠲᠡᠮᠦᠷ ᠤᠨ ᠬᠦᠷᠢᠶᠡᠯᠡᠩ ᠤᠨ ᠠᠵᠤ ᠦᠢᠯᠡᠳᠪᠦᠷᠢ ᠶᠢᠨ ᠥᠪ ᠬᠥᠷᠥᠩᠭᠡ ᠶᠢ ᠳᠠᠬᠢᠨ ᠠᠰᠢᠭᠯᠠᠭᠰᠠᠨ ᠴᠤ ᠲᠡᠷᠡ᠂ ᠴᠦᠩᠴᠢᠩ ᠤᠨ ᠳᠤᠮᠳᠠᠳᠤ ᠠᠩᠭᠢᠯᠢ ᠶᠢᠨ ᠬᠠᠭᠤᠴᠢᠨ ᠪᠠᠭᠤᠷᠢ᠂ ᠵᠢᠨᠠᠨ ᠤ ᠴᠧᠩ ᠹᠧᠩ ᠭᠤᠯᠢᠷ ᠶᠢᠨ ᠦᠢᠯᠡᠳᠪᠦᠷᠢ ᠪᠣᠯ ᠴᠥᠮ ᠤᠶᠢᠷ᠎ᠠ ᠶᠢᠨ ᠵᠢᠯ ᠳᠤ ᠳᠤᠮᠳᠠᠳᠤ ᠤᠯᠤᠰ ᠤᠨ ᠬᠤᠲᠠ ᠶᠢᠨ ᠰᠢᠨᠡᠴᠢᠯᠡᠯᠲᠡ ᠶᠢ ᠠᠬᠢᠭᠤᠯᠤᠭᠰᠠᠨ ᠬᠤᠷᠢᠶᠠᠩᠭᠤᠢ ᠳᠦᠷᠰᠦ ᠮᠥᠨ᠃ 2022 ᠣᠨ ᠤ ᠡᠴᠦᠰ ᠪᠣᠯᠲᠠᠯ᠎ᠠ᠂ ᠪᠡᠭᠡᠵᠢᠩ ᠬᠤᠲᠠ ᠨᠢᠭᠡᠨᠲᠡ ᠵᠢᠵᠢᠭ ᠪᠢᠴᠢᠯ ᠣᠷᠣᠨ ᠵᠠᠶ ᠶᠢ 389 ᠳᠡᠭᠡᠭᠰᠢᠯᠡᠭᠦᠯᠵᠦ᠂ 300 ᠭᠠᠷᠤᠶ ᠨᠥᠭᠡᠴᠡᠯᠡᠬᠦ ᠲᠥᠷᠥᠯ ᠵᠦᠢᠯ ᠢ ᠨᠥᠭᠡᠴᠡᠯᠡᠪᠡ᠃ ᠴᠦᠩᠴᠢᠩ ᠳᠤ᠂ ᠪᠦᠷᠢᠳᠬᠡᠯ ᠢ ᠦᠨᠳᠦᠰᠦᠯᠡᠪᠡᠯ᠂ 2022 ᠣᠨ ᠤ ᠵᠢᠯ ᠤᠨ ᠡᠴᠦᠰ ᠪᠣᠯᠲᠠᠯ᠎ᠠ᠂ ᠪᠦᠬᠦ ᠬᠤᠳᠠ ᠳᠤ ᠨᠡᠶᠢᠳᠡ 696 ᠲᠡᠦᠬᠡ ᠶᠢᠨ ᠪᠠᠷᠢᠯᠭ᠎ᠠ ᠶᠢ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠪᠣᠯᠤᠨ ᠬᠤᠳᠠ ᠶᠢᠨ ᠰᠢᠨᠡᠴᠢᠯᠡᠯᠲᠡ ᠶᠢᠨ ᠳᠤᠮᠳᠠ ᠬᠠᠮᠠᠭᠠᠯᠠᠵᠤ᠂ ︽ᠲᠠᠬᠢᠨ ᠠᠮᠢᠯᠠᠭᠤᠯᠤᠭᠰᠠᠨ︾ ᠪᠠᠶᠢᠨ᠎ᠠ᠃ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠳᠡᠳ᠋ ᠰᠠᠶᠢᠳ ᠴᠢᠨ ᠬᠠᠢ ᠰᠢᠶᠠᠩ ᠬᠡᠯᠡᠭᠰᠡᠨ ᠨᠢ᠂ ᠣᠳᠣᠬᠠᠨ ᠳᠤ ᠮᠠᠨ ᠤ ᠤᠯᠤᠰ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠳᠤᠮᠳᠠ ᠰᠡᠭᠦᠯᠴᠢ ᠶᠢᠨ ᠬᠤᠭᠤᠴᠠᠭᠠᠨ ᠳᠠᠭᠠᠨ ᠣᠷᠣᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠨᠢ ᠶᠡᠭᠡ ᠬᠡᠪᠴᠢᠶ᠎ᠡ ᠪᠠᠷ ᠨᠡᠮᠡᠭᠳᠡᠯ ᠪᠦᠲᠦᠭᠡᠨ ᠪᠠᠶᠢᠭᠤᠯᠤᠯᠲᠠ ᠬᠢᠵᠦ ᠪᠠᠶᠢᠭᠰᠠᠨ ᠠᠴᠠ ᠪᠠᠨ ᠬᠠᠳᠠᠭᠠᠯᠠᠯᠲᠠ ᠶᠢᠨ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠪᠣᠯᠣᠨ ᠨᠡᠮᠡᠭᠳᠡᠯ ᠬᠡᠮᠵᠢᠶᠡᠨ ᠤ ᠪᠦᠲᠦᠴᠡ ᠶᠢᠨ ᠲᠣᠬᠢᠷᠠᠭᠤᠯᠤᠯᠲᠠ ᠶᠢ ᠵᠡᠷᠭᠡ ᠪᠠᠷ ᠴᠢᠬᠤᠯᠠᠴᠢᠯᠠᠬᠤ ᠪᠣᠯᠵᠤ᠂ ᠪᠠᠶᠢᠬᠤ ᠡᠰᠡᠬᠦ ᠠᠴᠠ ᠰᠠᠶᠢᠨ ᠡᠰᠡᠬᠦ ᠳᠤ ᠰᠢᠯᠵᠢᠵᠦ᠂ ᠬᠤᠲᠠ ᠶᠢᠨ ᠰᠢᠨᠡᠴᠢᠯᠡᠯᠲᠡ ᠶᠢᠨ ᠴᠢᠬᠤᠯᠠ ᠴᠠᠭ ᠦᠶ᠎ᠡ ᠳᠤ ᠣᠷᠣᠭᠰᠠᠨ ᠪᠠᠶᠢᠨ᠎ᠠ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 2022 ᠣᠨ ᠳᠤ᠂ ᠪᠦᠬᠦ ᠤᠯᠤᠰ ᠤᠨ 571 ᠬᠤᠳᠠ ᠶᠢᠨ ᠰᠢᠨᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠦᠭᠰᠡᠨ ᠨᠢ 6.5 ᠲᠦᠮᠡ ᠳᠤ ᠬᠦᠷᠴᠡᠢ᠂ ᠡᠳᠡᠭᠡᠷ ᠲᠦᠷᠦᠯ ᠵᠦᠢᠯ ᠢ ᠬᠡᠷᠡᠭᠵᠢᠭᠦᠯᠬᠦ ᠨᠢ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠨᠡᠮᠡᠭᠳᠡᠭᠦᠯᠬᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ᠃ᠣᠯᠠᠨ ᠭᠠᠵᠠᠷ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠪᠢᠴᠢᠯ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ ᠬᠤᠲᠠ ᠶᠢᠨ ᠰᠢᠨᠡᠴᠢᠯᠡᠯᠲᠡ ᠶᠢᠨ ᠴᠢᠬᠤᠯᠠ ᠵᠠᠷᠴᠢᠮ ᠪᠣᠯᠭᠠᠨ᠎ᠠ᠃ ︽ᠪᠡᠭᠡᠵᠢᠩ ᠬᠤᠲᠠ ᠶᠢᠨ ᠬᠤᠲᠠ ᠶᠢᠨ ᠰᠢᠨᠡᠴᠢᠯᠡᠯᠲᠡ ᠶᠢᠨ ᠲᠦᠷᠢᠮ︾ ᠳᠤ ᠲᠣᠳᠣᠷᠬᠠᠶ ᠵᠢᠭᠠᠵᠤ ᠭᠠᠷᠭᠠᠭᠰᠠᠨ ᠨᠢ᠂ ᠲᠣᠰ ᠬᠤᠲᠠ ᠶᠢᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠳᠤ ᠭᠠᠵᠠᠷ ᠰᠢᠷᠣᠶ ᠶᠢᠨ ᠨᠢᠭᠡᠳᠦᠭᠡᠷ ᠳᠡᠰ ᠤᠨ ᠨᠡᠭᠡᠭᠡᠨ ᠬᠥᠭᠵᠢᠭᠦᠯᠦᠯᠲᠡ᠂ ᠲᠠᠸᠠᠷ ᠤᠨ ᠣᠷᠣᠨ ᠰᠠᠭᠤᠴᠠ ᠶᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠪᠠᠭᠲᠠᠬᠤ ᠥᠬᠡᠶ᠃ ᠬᠠᠶᠢᠨᠠᠨ ᠤ ︽ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠳᠤ᠂ 2035 ᠤᠨ ᠪᠣᠯᠬᠤ ᠳᠤ᠂ ᠬᠠᠶᠢᠨᠠᠨ ᠮᠤᠵᠢ ᠶᠢᠨ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠪᠦᠲᠦᠮᠵᠢᠲᠡᠢ ᠬᠠᠮᠠᠭᠠᠯᠠᠵᠤ᠂ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠠᠵᠢᠯ ᠢ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠪᠦᠬᠦ ᠲᠠᠯ᠎ᠠ ᠪᠠᠷ ᠠᠭᠤᠰᠤᠯᠴᠠᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ᠳᠤᠲᠠᠭᠤᠳᠠᠯ ᠢ ᠨᠥᠬᠦᠪᠦᠷᠢᠯᠡᠵᠦ ᠬᠤᠲᠠ ᠶᠢ ᠨᠡᠩ ︽ᠤᠶᠤᠨᠴᠢ︾ ᠪᠤᠯᠭᠠᠨ᠎ᠠ︽ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢᠨ ᠬᠠᠮᠲᠤ ᠬᠠᠭᠤᠴᠢᠨ ᠬᠡᠷ ᠪᠠᠶᠢᠰᠢᠩ ᠤᠨ ︿ᠡᠪᠡᠳᠴᠢᠨ ᠢ ᠵᠠᠰᠠᠬᠤ﹀ ᠪᠣᠯ ᠪᠢᠳᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠩᠬᠠᠨ ᠤ ᠠᠯᠬᠤᠮ ᠮᠥᠨ︾ ᠬᠡᠵᠡᠢ᠃ ᠴᠢᠨ ᠬᠠᠶ ᠰᠢᠶᠠᠩ ᠢᠯᠡᠷᠬᠡᠶᠢᠯᠡᠬᠦ ᠳᠡᠭᠡᠨ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷ ᠪᠠᠶᠢᠰᠢᠩ ᠤᠨ ᠪᠡᠶ᠎ᠡ ᠶᠢᠨ ᠪᠠᠶᠢᠴᠠᠭᠠᠯᠲᠠ᠂ ᠨᠠᠰᠤᠵᠢᠯ ᠤᠨ ᠠᠰᠠᠷᠠᠮᠵᠢ᠂ ᠳᠠᠭᠠᠳᠬᠠᠯ ᠵᠡᠷᠭᠡ ᠭᠤᠷᠪᠠᠨ ᠵᠦᠢᠯ ᠤᠨ ᠲᠦᠷᠢᠮ ᠢ ᠰᠤᠳᠤᠯᠤᠨ ᠪᠠᠶᠢᠭᠤᠯᠵᠤ᠂ ᠬᠡᠷ ᠪᠠᠶᠢᠰᠢᠩ ᠳᠤ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠶᠢᠨ ᠬᠠᠮᠲᠤ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠠᠰᠠᠷ ᠤᠨ ᠭᠤᠳᠤᠮᠵᠢ ᠤᠨ ᠦᠭᠡᠷᠡᠴᠢᠯᠡᠯᠡᠳᠡ᠂   ᠣᠷᠴᠢᠨ ᠲᠣᠭᠤᠷᠢᠨ ᠤ ᠦᠭᠡᠷᠡᠴᠢᠯᠡᠯᠡᠳᠡ᠂ ᠬᠠᠮᠢᠶᠠᠷᠤᠯᠲᠠ  ᠶᠢᠨ ᠦᠭᠡᠷᠡᠴᠢᠯᠡᠯᠡᠳᠡ᠂ ᠬᠠᠭᠤᠴᠢᠨ ᠵᠢᠵᠢᠭ ᠲᠣᠭᠤᠷᠢᠭ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠎ᠠ ᠭᠡᠵᠡᠶ᠃ᠤᠶᠠᠨ ᠬᠠᠳᠠᠨ ᠴᠢᠨᠠᠷᠲᠠᠶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠴᠢᠨ ᠬᠠᠶ ᠰᠢᠶᠠᠩ ᠤᠨ ᠲᠠᠨᠢᠯᠴᠠᠭᠤᠯᠤᠭᠰᠠᠨ ᠢᠶᠠᠷ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠤᠲᠠ ᠶᠢᠨ ᠤᠰᠤ ᠬᠠᠩᠭᠠᠬᠤ᠂ ᠤᠰᠤ ᠵᠠᠯᠠᠬᠤ᠂ ᠰᠢᠲᠠᠮᠠᠬᠠᠶ ᠬᠡᠶ᠂ ᠢᠯᠴᠢ ᠶᠢᠨ ᠬᠦᠴᠦᠨ᠂ ᠬᠥᠭᠦᠷᠭᠡ᠂ ᠬᠤᠭᠤᠯᠠᠶ ᠶᠢᠨ ᠬᠤᠩᠬᠢᠯ ᠵᠡᠷᠭᠡ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢᠨ ᠰᠤᠳᠠᠰᠤ ᠳᠤ ᠴᠠᠭ ᠲᠤᠬᠠᠶ ᠳᠤᠨᠢ ᠬᠢᠨᠠᠨ ᠬᠡᠮᠵᠢᠯᠲᠡ ᠬᠢᠵᠦ᠂ ᠠᠮᠤᠷ ᠲᠦᠪᠰᠢᠨ ᠤ ᠳᠠᠯᠳᠠ ᠬᠡᠮ ᠢ ᠡᠷᠲᠡᠬᠡᠨ ᠢᠯᠡᠷᠡᠭᠦᠯᠵᠦ᠂ ᠠᠶᠤᠯ ᠭᠠᠷᠬᠤ ᠶᠢ ᠰᠡᠷᠭᠡᠶᠢᠯᠡᠨ᠂ ᠬᠤᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠬᠡᠪ ᠤᠨ ᠡᠮᠬᠢ ᠵᠢᠷᠤᠮ ᠲᠠᠢ ᠠᠵᠢᠯᠯᠠᠬᠤ ᠶᠢ ᠬᠠᠮᠠᠭᠠᠯᠠᠨ᠂ ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠵᠦ᠂ ᠰᠠᠨᠠᠭᠠᠴᠢᠯᠠᠭᠠᠲᠤ ᠪᠤᠰᠤ ᠪᠠᠷ ᠠᠷᠭᠠᠴᠠᠬᠤ ᠠᠴᠠ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ ᠲᠡᠶᠢᠰᠢ ᠬᠤᠪᠢᠷᠠᠭᠤᠯᠤᠨ᠎ᠠ᠃︽ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠳᠤ ᠰᠠᠭᠤᠷᠢᠯᠠᠭᠰᠠᠨ ᠰᠢᠨ᠎ᠡ ᠬᠡᠯᠪᠡᠷᠢ ᠶᠢᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠶᠡᠭᠡ ᠪᠠᠷ   ᠠᠬᠢᠭᠤᠯᠤᠨ᠎ᠠ︾᠃ ᠴᠢᠨ ᠬᠠᠶ ᠰᠢᠶᠠᠩ ᠬᠡᠯᠡᠬᠦ ᠳᠡᠭᠡᠨ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠲᠠ ᠬᠥᠳᠡᠭᠡ ᠶᠢᠨ ᠬᠡᠷ ᠪᠠᠶᠢᠰᠢᠩ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠰᠠᠭᠤᠷᠢ ᠲᠠᠪᠴᠠᠩ ᠪᠠ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠥᠲᠥᠭᠡᠨ ᠪᠠᠶᠢᠭᠤᠯᠤᠨ᠎ᠠ᠃ ᠤᠶᠤᠨᠴᠢᠯᠠᠭᠰᠠᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠠ ᠦᠭᠡᠷᠡᠴᠢᠯᠡᠯᠲᠡ ᠶᠢ ᠬᠡᠷᠡᠭᠵᠢᠭᠦᠯᠵᠦ᠂ ᠤᠶᠤᠨᠴᠢᠯᠠᠭᠰᠠᠨ ᠬᠤᠲᠠ ᠶᠢᠨ ᠰᠠᠭᠤᠷᠢ ᠪᠡᠯᠡᠳᠭᠡᠮᠵᠢ ᠪᠠ ᠤᠶᠤᠨᠴᠢᠯᠠᠭᠰᠠᠨ ᠰᠦᠯᠵᠢᠶ᠎ᠡ ᠶᠢᠨ ᠮᠠᠰᠢᠨ ᠢ ᠵᠣᠬᠢᠴᠠᠯᠳᠤᠭᠤᠯᠤᠨ ᠬᠥᠭᠵᠢᠭᠦᠯᠵᠦ᠂ ᠲᠣᠭᠠᠴᠠᠯᠠᠭᠰᠠᠨ ᠭᠡᠷ ᠪᠦᠯᠢ᠂ ᠨᠡᠶᠢᠭᠡᠮ ᠲᠣᠭᠤᠷᠢᠭ ᠪᠠ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1