ᠦᠰᠦᠭ ᠪᠢᠴᠢᠭ ᠤᠨ ᠲᠠᠶᠢᠯᠤᠮᠵᠢ᠄ ︽2023 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/8
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽2023 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ︾ ︵ᠥᠪᠥᠷ ᠪᠠᠶᠢᠭᠤᠯᠤᠯᠲᠠ ᠲᠣᠰᠬᠤᠨ ﹇2023﹈ 91 ᠳ᠋ᠦ᠋ᠭᠡᠷ ᠲᠣᠭᠠᠲᠤ᠂ ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠳᠤ ︽ᠠᠵᠢᠯᠯᠠᠭᠠᠨ ᠤ ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠢᠯᠠᠭᠠᠭᠤᠯᠬᠤ ᠪᠠ ᠵᠥᠪ ᠢᠶᠠᠷ ᠣᠢᠯᠠᠭᠠᠭᠤᠯᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠡ᠄ᠨᠢᠭᠡ᠂ ︽ᠠᠵᠢᠯᠯᠠᠭᠠᠨ ᠤ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠴᠢᠳᠠᠮᠵᠢ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠶᠢᠨ ᠲᠤᠰᠠᠳᠠ᠂ ᠮᠠᠨ ᠤ ᠣᠷᠣᠨ ᠤ ᠪᠠᠨ ᠪᠣᠳᠠᠲᠠᠶ ᠲᠠᠢ ᠤᠶᠠᠯᠳᠤᠭᠤᠯᠤᠨ ᠲᠣᠰ ︽ᠠᠵᠢᠯᠯᠠᠭᠠᠨ ᠤ ᠲᠥᠰᠦᠯ︾ ᠢ ᠲᠣᠭᠲᠠᠭᠠᠪᠠ᠃ᠬᠤᠶᠠᠷ᠂ ︽ᠠᠵᠢᠯᠯᠠᠭᠠᠨ ᠤ ᠲᠥᠰᠦᠯ︾ ᠤᠨ ᠠᠵᠢᠯ ᠤᠨ ᠡᠭᠦᠷᠭᠡ ᠪᠠ ᠱᠠᠭᠠᠷᠳᠠᠯᠭ᠎ᠠ ᠨᠢ ᠶᠠᠭᠤ ᠪᠤᠢ︖︽ᠠᠵᠢᠯᠯᠠᠭᠠᠨ ᠤ ᠲᠥᠰᠦᠯ︾ ᠳᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠳᠤ ᠲᠠᠪᠤᠨ ᠵᠦᠢᠯ ᠤᠨ ᠠᠵᠢᠯ ᠤᠨ ᠡᠭᠦᠷᠭᠡ ᠶᠢ ᠠᠬᠢᠭᠤᠯᠬᠤ ᠡᠷᠬᠡᠪᠰᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ᠨᠢᠭᠡ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯ ᠲᠠᠢ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠᠨ ᠬᠥᠳᠡᠭᠡ ᠲᠣᠰᠬᠤᠨ ᠢ ᠬᠦᠭᠵᠢᠬᠦᠯᠵᠥ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠡᠵᠡᠩᠨᠡᠯᠲᠡ ᠳᠤ ᠬᠡᠷᠡᠭᠯᠡᠬᠦ ᠬᠥᠳᠡᠭᠡ ᠲᠣᠰᠬᠤᠨ ᠤ ᠭᠡᠷ ᠪᠠᠶᠢᠰᠢᠩ ᠢ ᠦᠪᠡᠷ ᠢᠶᠠᠨ ᠪᠠᠶᠢᠭᠤᠯᠤᠭᠰᠠᠨ ᠢᠶᠠᠷ ᠭᠤᠤᠯᠳᠠᠯᠭ᠎ᠠ ᠪᠣᠯᠭᠠᠵᠤ᠂ ᠵᠢᠭᠰᠠᠭᠠᠨ ᠪᠠᠶᠢᠴᠠᠭᠠᠬᠤ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠭᠡᠷ ᠪᠠᠶᠢᠰᠢᠩ ᠢ ᠴᠡᠭᠴᠡᠯᠡᠨ ᠵᠠᠰᠠᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠨ ᠪᠠᠶᠢᠴᠠᠭᠠᠵᠤ ᠴᠡᠭᠴᠡᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠦᠨ᠎ᠡ᠃ 2023 ᠣᠨ ᠤ ᠵᠢᠯ ᠤᠨ ᠡᠴᠦᠰ ᠪᠣᠯᠬᠤ ᠠᠴᠠ ᠡᠮᠦᠨ᠎ᠡ᠂ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠭᠤᠷᠪᠠ᠂ ᠣᠳᠣ ᠦᠶ᠎ᠡ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ  ᠤᠨ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠶ ᠦᠷᠨᠢᠭᠦᠯᠦᠨ᠎ᠡ᠃ ᠣᠳᠣ ᠦᠶ᠎ᠡ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠣᠯ ᠬᠥᠳᠡᠭᠡ ᠲᠣᠰᠬᠤᠨ ᠤ ᠣᠳᠣ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠭᠠᠵᠠᠷ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ ᠶᠢ ᠵᠣᠷᠢᠭᠵᠢᠭᠤᠯᠤᠨ᠂ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ ᠶᠠᠰᠤ ᠴᠢᠨᠠᠷ ᠢ ᠲᠤᠭᠳᠠᠭᠤᠨ ᠢᠶᠠᠷ ᠳᠡᠭᠡᠭᠰᠢᠯᠡᠬᠦᠯᠦᠨ᠎ᠡ᠃ ᠳᠥᠷᠪᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠲᠠᠷᠬᠠᠨ ᠢ ᠬᠦᠮᠦᠵᠢᠬᠦᠯᠬᠦ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨᠢ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠲᠠᠷᠬᠠᠨ ᠤ ᠪᠣᠯᠪᠠᠰᠤᠷᠠᠭᠤᠯᠤᠯ ᠪᠠ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠲᠠᠷᠬᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠢ ᠦᠨᠡᠨ ᠬᠦ ᠳᠡᠭᠡᠭᠰᠢᠯᠡᠬᠦᠯᠦᠨ᠎ᠡ᠃ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠥᠳᠡᠭᠡ ᠪᠠᠭᠤᠯᠭᠠᠬᠤ ᠲᠥᠯᠥᠪᠯᠡᠭᠡ ᠶᠢ ᠥᠷᠨᠢᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠴᠢᠨᠠᠷ ᠴᠢᠨᠰᠠᠭ᠎ᠠ ᠪᠠ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ ᠲᠠᠪᠤ᠂ᠤᠯᠠᠮᠵᠢᠯᠠᠯᠲᠤ ᠲᠣᠰᠬᠤᠨ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠨ᠎ᠠ᠃ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠨ ᠠᠰᠢᠭᠯᠠᠵᠤ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠵᠦ᠂ ᠤᠯᠠᠮᠵᠢᠯᠠᠯᠲᠤ ᠠᠶᠢᠯ ᠲᠣᠰᠬᠤᠨ ᠢ ᠪᠦᠲᠦᠮᠵᠢᠲᠡᠢ ᠬᠠᠮᠠᠭᠠᠯᠠᠨ ᠠᠰᠢᠭᠯᠠᠬᠤ ᠪᠠ ᠦᠷᠭᠦᠯᠵᠢᠯᠡᠨ ᠬᠥᠭᠵᠢᠭᠦᠯᠬᠦ ᠶᠢ ᠪᠡᠶᠡᠯᠡᠭᠦᠯᠦᠨ᠎ᠡ᠃ᠭᠤᠷᠪᠠ᠂ ᠨᠡᠷᠡᠰ ᠤᠨ ᠲᠠᠶᠢᠯᠪᠤᠷᠢ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠬᠦᠷᠢᠶ᠎ᠡ ᠬᠠᠰᠢᠶ᠎ᠠ ᠶᠢᠨ ᠵᠢᠷᠤᠭ ᠲᠥᠯᠥᠪᠯᠡᠭᠡ ᠶᠢᠨ ᠵᠢᠷᠤᠭ ᠤᠨ ᠲᠡᠭᠦᠪᠦᠷᠢ︾ ᠨᠢ ᠶᠠᠭᠤ ᠪᠣᠶ︖ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ 2022 ᠣᠨ ᠤ 9 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ᠨᠠᠶᠢᠷᠠᠭᠤᠯᠵᠤ ᠵᠣᠬᠢᠶᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠭᠤᠤᠯᠳᠠᠭᠤ ᠪᠥᠬᠦ ᠣᠷᠣᠨ ᠤ ᠥᠷᠭᠡᠨ ᠣᠯᠠᠨ ᠮᠠᠯᠴᠢᠨ ᠲᠠᠷᠢᠶᠠᠴᠢᠨ ᠳᠤ ᠴᠢᠳᠠᠮᠵᠢ ᠪᠦᠷᠢᠨ᠂ ᠪᠠᠶᠢᠷᠢᠯᠠᠭᠤᠯᠤᠯᠲᠠ ᠵᠦᠶ ᠵᠣᠬᠢᠰᠲᠠᠶ᠂ ᠳᠦᠷᠰᠦ ᠪᠦᠲᠦᠭᠡᠯᠲᠡ ᠰᠢᠨ᠎ᠡ ᠰᠡᠪᠡᠭᠦᠨ᠂ ᠪᠠᠷᠢᠯᠭ᠎ᠠ ᠪᠠᠷᠢᠬᠤ ᠳᠤ ᠲᠥᠬᠦᠮ ᠰᠢᠨ᠎ᠡ ᠴᠠᠭ ᠦᠶ᠎ᠡ ᠶᠢᠨ ᠣᠷᠣᠨ ᠰᠠᠭᠤᠴᠠ ᠶᠢᠨ ᠬᠦᠷᠢᠶ᠎ᠡ ᠴᠠᠷᠠᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ᠬᠠᠩᠭᠠᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠵᠢᠷᠤᠭ ᠲᠥᠯᠥᠪᠯᠡᠭᠡ ᠬᠢᠭᠡᠳ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠲᠤᠤᠷ᠎ᠠ ᠬᠥᠮᠥᠰ ᠤᠨ ᠭᠤᠣᠯᠳᠠᠯᠭ᠎ᠠ ᠲᠠᠢ ᠡᠲᠡᠭᠡᠳ ᠨᠢ ᠬᠡᠨ ᠪᠠᠶᠢᠬᠤ ᠪᠣᠢ︖1᠂ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠯᠲᠠ ᠠᠴᠠ ᠪᠣᠯᠣᠭᠰᠠᠨ ᠶᠠᠳᠠᠭᠤ ᠡᠷᠦᠬᠡ᠃2᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠳᠤᠤᠷ᠎ᠠ ᠪᠠᠲᠤᠯᠠᠭᠠᠲᠤ ᠡᠷᠦᠬᠡ᠃3᠂ ᠮᠠᠯᠵᠢᠬᠤ ᠲᠠᠷᠢᠶᠠᠯᠠᠬᠤ ᠣᠷᠣᠨ ᠤ ᠰᠠᠯᠭᠠᠵᠤ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠃4᠂ ᠡᠪᠡᠳᠴᠢᠨ᠂ ᠭᠠᠮᠰᠢᠭ ᠤᠨ ᠠᠳᠡᠯ ᠵᠡᠷᠭᠡ ᠳᠤ ᠵᠠᠷᠤᠯᠭ᠎ᠠ ᠨᠡᠯᠢᠶᠡᠳ ᠶᠡᠬᠡᠰᠦᠭᠰᠡᠨ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠦᠨᠳᠦᠰᠦᠨ ᠠᠮᠢᠳᠤᠷᠠᠯ ᠨᠢ ᠮᠠᠰᠢ ᠬᠦᠴᠢᠷᠳᠡᠯᠲᠡᠶ ᠪᠣᠯᠣᠭᠰᠠᠨ ᠭᠡᠷ ᠪᠦᠯᠢ᠃5᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠳᠤᠤᠷ᠎ᠠ ᠪᠠᠲᠤᠯᠠᠭᠠᠲᠤ ᠡᠷᠦᠬᠡ ᠶᠢᠨ ᠨᠠᠭᠠᠭᠤᠷ ᠴᠠᠭᠠᠭᠤᠷᠬᠢ ᠭᠡᠷ ᠪᠦᠯᠢ᠃6᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠭᠰᠡᠨ ᠦᠭᠡᠢ ᠪᠥᠭᠡᠳ ᠥᠪᠡᠷ ᠤᠨ ᠬᠦᠴᠦᠨ ᠳᠤ ᠲᠦᠰᠢᠭᠯᠡᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠃︵ᠲᠠᠶᠢᠯᠪᠤᠷᠢᠯᠠᠭᠴᠢ᠄ ᠢᠦᠶ ᠸᠧᠨ ᠵᠢᠩ   ᠬᠠᠷᠢᠯᠴᠠᠬᠤ ᠠᠷᠭ᠎ᠠ ᠬᠡᠯᠪᠡᠷᠢ᠄ 0471 – 6945781︶ᠢᠷᠡᠯᠳᠡ᠄ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠᠨ ᠬᠤᠳᠠ ᠬᠦᠳᠡᠭᠡ ᠶᠢᠨ ᠪᠦᠳᠦᠭᠡᠨ   ᠪᠠᠶᠢᠭᠤᠯᠤᠯᠳᠠ ᠶᠢᠨ ᠲᠤᠪᠴᠢᠶ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1