ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠮᠡᠳᠡᠯᠭᠡ  ᠶᠢᠨ ᠠᠰᠠᠭᠤᠯᠲᠠ ᠬᠠᠷᠢᠭᠤᠯᠲᠠ    ᠠᠷᠪᠠᠨ ᠨᠢᠭᠡᠳᠦᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2023/6/9
      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠮᠡᠳᠡᠯᠭᠡ   ᠶᠢᠨ ᠠᠰᠠᠭᠤᠯᠲᠠ ᠬᠠᠷᠢᠭᠤᠯᠲᠠ                ᠠᠷᠪᠠᠨ ᠨᠢᠭᠡᠳᠦᠭᠡᠷ ᠬᠤᠭᠤᠴᠠᠭ᠎ᠠ1᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ ᠪᠤᠢ︖      ᠬᠠᠷᠢᠭᠤᠯᠲᠠ᠄ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠲᠣᠰ ᠭᠠᠵᠠᠷ ᠣᠷᠣᠨ ᠲᠣᠰ ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠱᠠᠲᠤ ᠬᠤᠪᠢᠶᠠᠨ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠰᠢᠢᠳᠪᠦᠷᠢᠯᠡᠬᠦ ᠲᠠᠰ ᠳᠠᠷᠠᠭᠠᠯᠠᠯ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠶᠣᠰᠣᠭᠠᠷ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠢᠢᠳᠪᠦᠷᠢᠯᠡᠬᠦ ᠪᠠ ᠲᠦᠷᠭᠡᠨ ᠲᠤᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠢᠮᠤᠷᠠᠯ ᠤᠨ ᠨᠡᠪᠲᠡᠷᠡᠯᠴᠡᠭᠡ ᠶᠢ ᠴᠢᠩᠭᠠᠳᠬᠠᠵᠤ᠂ ᠤᠯᠠᠨ ᠨᠡᠶᠢᠲᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠢ ᠠᠰᠢᠭᠯᠠᠨ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠴᠤᠤᠷᠬᠠᠯ ᠲᠠᠯᠪᠢᠨ ᠬᠡᠷᠡᠭ ᠡᠳᠦᠬᠦ᠂ ᠬᠤᠳᠠᠯ ᠬᠠᠭᠤᠷᠮᠠᠭ ᠵᠦᠢᠯ ᠢ ᠦᠢᠯᠡᠳᠴᠦ ᠪᠣᠷᠣᠯᠠᠭᠤᠯᠬᠤ ᠵᠡᠷᠭᠡ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠤᠨ᠎ᠠ᠃2᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠬᠡᠷᠬᠢᠨ ᠲᠡᠭᠦᠯᠳᠡᠷᠵᠢᠭᠦᠯᠬᠦ ᠪᠤᠢ︖      ᠬᠠᠷᠢᠭᠤᠯᠲᠠ᠄      1᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠨ᠎ᠠ︔      2᠂ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ︔      3᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ︔      4᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃3᠂ ᠶᠠᠭᠤ ᠶᠢ ᠵᠠᠰᠠᠭ ᠵᠠᠬᠢᠷᠭᠠᠨ ᠤ ᠡᠶᠡᠳᠡᠭᠦᠯᠭᠡ ᠭᠡᠬᠦ ᠪᠤᠢ︖      ᠬᠠᠷᠢᠭᠤᠯᠲᠠ᠄ ᠵᠠᠰᠠᠭ ᠵᠠᠬᠢᠷᠭᠠᠨ ᠤ ᠡᠶᠡᠳᠡᠭᠦᠯᠭᠡ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠨᠡᠪᠲᠡᠷᠡᠯᠴᠡᠬᠦ᠂ ᠢᠳᠬᠠᠬᠤ᠂ ᠵᠣᠬᠢᠴᠠᠭᠤᠯᠬᠤ᠂ ᠢᠳᠬᠠᠬᠤ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠲᠤᠬᠠᠢ ᠶᠢᠨ ᠬᠥᠮᠥᠨ ᠤ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠡᠯᠡᠯᠴᠡᠭᠡᠷ ᠲᠣᠭᠲᠠᠬᠤ ᠶᠢ ᠠᠬᠢᠭᠤᠯᠵᠤ᠂ ᠮᠠᠷᠭᠤᠯᠳᠤᠭᠠᠨ ᠵᠢᠭᠤᠷᠠᠯᠳᠤᠭᠠᠨ ᠢ ᠰᠢᠢᠳᠪᠦᠷᠢᠯᠡᠬᠦ ᠠᠵᠢᠯᠯᠠᠭ᠎ᠠ ᠪᠣᠯᠣᠨ᠎ᠠ᠃4᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠬᠡᠷᠬᠢᠨ ᠴᠢᠩᠭᠠᠳᠬᠠᠬᠤ ᠪᠤᠢ︖      ᠬᠠᠷᠢᠭᠤᠯᠲᠠ᠄ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ᠂ ᠵᠠᠮ ᠬᠠᠷᠢᠯᠴᠠᠭᠠᠨ ᠤ ᠬᠤᠬᠢᠷᠠᠯ ᠤᠨ ᠲᠥᠯᠥᠪᠦᠷᠢ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠣᠷᠴᠢᠨ ᠠᠬᠤᠢ ᠶᠢᠨ ᠪᠣᠬᠢᠷᠲᠤᠯ᠂ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ ᠭᠠᠵᠠᠷ ᠰᠢᠷᠣᠢ ᠲᠠᠲᠠᠪᠤᠷᠢᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠲᠠᠯ᠎ᠠ ᠪᠠᠷ ᠬᠢ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠲᠣᠬᠢᠲᠠᠢ ᠠᠬᠢᠭᠤᠯᠤᠨ᠎ᠠ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠶᠡᠳᠡᠭᠦᠯᠬᠦ ᠬᠦᠷᠢᠶ᠎ᠡ ᠬᠡᠪᠴᠢᠶ᠎ᠡ ᠪᠠ ᠲᠠᠰ ᠳᠠᠷᠠᠭᠠᠯᠠᠯ ᠢ ᠵᠢᠷᠤᠮᠵᠢᠭᠤᠯᠵᠤ᠂ ᠬᠥᠮᠦᠵᠢᠯ ᠪᠣᠯᠪᠠᠰᠤᠷᠠᠭᠤᠯᠤᠯ ᠢ ᠰᠠᠶᠢᠲᠤᠷ ᠵᠣᠬᠢᠶᠠᠨ ᠪᠠᠶᠢᠭᠤᠯᠵᠤ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ︽ᠭᠤᠷᠪᠠ ᠶᠢ ᠲᠣᠬᠢᠷᠠᠭᠤᠯᠬᠤ︾ ᠶᠢ ᠬᠤᠯᠪᠣᠯᠳᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠪᠠᠷ ᠵᠣᠯᠭᠠᠭᠤᠯᠬᠤ ᠶᠢ ᠲᠦᠯᠬᠢᠨ ᠠᠬᠢᠭᠤᠯᠤᠨ᠎ᠠ᠃5᠂ ᠲᠤᠬᠠᠢ ᠶᠢᠨ ᠬᠥᠮᠥᠨ ᠨᠢ ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠢ ᠭᠦᠢᠴᠡᠳᠬᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠣᠣᠷᠠᠬᠢ ᠶᠠᠮᠠᠷ ᠠᠷᠭ᠎ᠠ ᠬᠡᠮᠵᠢᠶ᠎ᠡ ᠨᠦᠭᠦᠳ ᠢ ᠠᠪᠴᠤ ᠪᠣᠯᠬᠤ ᠪᠤᠢ︖ᠬᠠᠷᠢᠭᠤᠯᠲᠠ᠄ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠪᠠᠶᠢᠴᠠᠭᠠᠨ ᠪᠢᠲᠡᠭᠦᠮᠵᠢᠯᠡᠭᠰᠡᠨ᠂ ᠪᠠᠷᠢᠴᠠᠯᠠᠨ ᠠᠪᠤᠭᠰᠠᠨ ᠡᠳ᠋ ᠪᠣᠳᠠᠰ ᠢ ᠦᠨ᠎ᠡ ᠬᠠᠶᠠᠨ ᠬᠤᠳᠠᠯᠳᠤᠨ᠎ᠠ᠃6᠂ ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ ᠭᠡᠳᠡᠭ ᠢ ᠬᠡᠷᠬᠢᠨ ᠣᠶᠢᠯᠠᠭᠠᠬᠤ ᠪᠤᠢ︖      ᠬᠠᠷᠢᠭᠤᠯᠲᠠ᠄ 1᠂ ᠬᠠᠤᠯᠢ ᠪᠠᠷ ᠵᠠᠰᠠᠬᠤ ᠳᠤ ︽ᠬᠠᠮᠠᠭᠠᠯᠠᠯᠲᠠ ᠶᠢᠨ ᠲᠣᠣᠷ︾ ᠢ ᠪᠤᠶ ᠪᠣᠯᠭᠠᠪᠠ᠃ ᠬᠠᠤᠯᠢ ᠪᠠᠷ ᠵᠠᠰᠠᠬᠤ ᠨᠢ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠮᠴᠢᠯᠡᠯ ᠤᠨ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ ᠴᠢᠳᠠᠨ᠎ᠠ᠂ ᠭᠡᠬᠦ ᠳᠡᠭᠡᠨ ᠥᠮᠴᠢᠯᠡᠯ ᠤᠨ ᠡᠷᠬᠡ ᠶᠢᠨ ᠳᠦᠷᠢᠮ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠮᠥᠨ᠂ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠦ ᠪᠠᠶᠢᠭᠠᠳ ᠶᠠᠪᠤᠳᠠᠯ ᠮᠦᠨ᠃      2᠂ ᠬᠠᠤᠯᠢ ᠪᠠᠷ ᠵᠠᠰᠠᠬᠤ ᠳᠤ ︽ᠬᠢᠯᠢ ᠶᠢᠨ ᠵᠠᠭᠠᠭ ᠱᠤᠭᠤᠮ︾ ᠢ ᠪᠤᠶ ᠪᠣᠯᠭᠠᠨ᠎ᠠ᠃ ᠬᠠᠤᠯᠢ ᠪᠠᠷ ᠵᠠᠰᠠᠬᠤ  ᠨᠢ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠵᠠᠭᠠᠭ ᠬᠢᠵᠠᠭᠠᠷ ᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠣ ᠶᠢ ᠬᠦᠨᠳᠦᠳᠬᠡᠨ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠳᠠᠮᠵᠢᠭᠤᠯᠤᠨ᠂ ᠬᠠᠤᠯᠢ ᠪᠠᠷ ᠵᠠᠰᠠᠬᠤ ᠪᠣᠷᠣ ᠲᠥᠯᠥᠪ ᠤᠨ ᠳᠣᠲᠣᠷ᠎ᠠ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠵᠤ ᠴᠢᠳᠠᠨ᠎ᠠ᠃      3᠂ ᠬᠠᠤᠯᠢ ᠪᠠᠷ ᠵᠠᠰᠠᠬᠤ ᠳᠤ ︽ᠭᠤᠣᠯᠴᠢ ᠵᠢᠩᠯᠡᠭᠦᠷ︾ ᠢ ᠪᠤᠶ ᠪᠣᠯᠭᠠᠨ᠎ᠠ᠃ ᠭᠠᠭᠴᠠ ᠬᠦ ᠳᠦᠷᠢᠮ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠᠯ ᠰᠠᠶ᠋ᠢ ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠦᠯᠳᠦᠭᠡᠨ ᠲᠠᠢ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠡᠷᠬᠡ ᠲᠡᠭᠰᠢ ᠲᠥᠪ ᠭᠤᠣᠯᠴᠢ ᠥᠷᠢᠰᠦᠯᠳᠦᠭᠡᠨ ᠤ ᠣᠷᠴᠢᠨ ᠨᠥᠬᠦᠴᠡᠯ ᠢ ᠪᠤᠢ ᠪᠣᠯᠭᠠᠵᠤ᠂ ᠮᠡᠬᠡᠯᠡᠨ ᠬᠢᠬᠠᠬᠤ᠂ ᠭᠡᠷ᠎ᠡ ᠠᠴᠠ ᠵᠥᠷᠢᠴᠡᠬᠦ᠂ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ᠂ ᠵᠠᠪᠰᠢᠨ ᠳᠠᠯᠢᠮᠳᠠᠭᠤᠯᠬᠤ ᠵᠡᠷᠭᠡ ᠵᠢᠷᠤᠮᠵᠢᠯ ᠦᠭᠡᠢ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠰᠠᠶᠢᠨ ᠰᠠᠶᠢᠬᠠᠨ ᠬᠥᠭᠵᠢᠯᠲᠡ ᠶᠢᠨ ᠵᠠᠮ ᠳᠤ ᠣᠷᠣᠭᠤᠯᠵᠤ ᠴᠢᠳᠠᠨ᠎ᠠ᠃7᠂ ᠭᠡᠷᠡᠴᠢᠯᠡᠭᠡ ᠰᠣᠨᠣᠰᠬᠤ ᠬᠤᠷᠠᠯ ᠤᠨ ᠬᠥᠲᠥᠯᠥᠭᠴᠢ ᠶᠢᠨ ᠲᠤᠰᠢᠶᠠᠯ ᠢ ᠬᠡᠨ ᠡᠭᠦᠷᠭᠡᠯᠡᠬᠦ ᠪᠤᠶ︖ ᡼      ᠬᠠᠷᠢᠭᠤᠯᠲᠠ᠄ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠲᠤᠰ ᠬᠡᠷᠡᠭ ᠤᠨ ᠪᠤᠰᠤ ᠪᠠᠶᠢᠴᠠᠭᠠᠬᠤ ᠠᠵᠢᠯᠲᠠᠨ᠃8᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠳᠤ᠂ ᠣᠨᠴᠠᠭᠠᠶ ᠵᠦᠢᠯ ᠪᠣᠯᠤᠭᠰᠠᠨ ᠤ ᠬᠤᠪᠢ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤᠨᠢ ᠵᠠᠰᠠᠭ ᠵᠠᠬᠢᠷᠭᠠᠨ ᠤ ᠰᠢᠢᠳᠬᠡᠯ ᠤᠨ ᠲᠤᠷᠭᠠᠭᠤᠯᠢ ᠶᠢᠨ ᠮᠦᠩᠭᠦ ᠶᠢ ᠬᠤᠷᠢᠶᠠᠨ᠎ᠠ᠂ ᠭᠡᠪᠡᠴᠦ ᠶᠠᠮᠠᠷ ᠪᠠᠶᠢᠳᠠᠯ ᠤᠨ ᠳᠣᠣᠷ᠎ᠠ ᠲᠤᠬᠠᠢ ᠶᠢᠨ ᠬᠥᠮᠥᠨ ᠨᠢ ᠲᠣᠷᠭᠠᠭᠤᠯᠢ ᠶᠢᠨ ᠵᠣᠭᠤᠰ ᠲᠤᠰᠢᠶᠠᠬᠤ ᠶᠢ ᠲᠡᠪᠴᠢᠬᠦ ᠡᠷᠬᠡ ᠲᠠᠢ ᠪᠤᠢ︖      ᠬᠠᠷᠢᠭᠤᠯᠲᠠ᠄  ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠢ ᠦᠢᠯᠡᠳᠴᠦ ᠲᠠᠷᠬᠠᠭᠠᠭᠰᠠᠨ ᠲᠤᠰᠬᠠᠢ ᠫᠢᠶᠣᠣ ᠪᠠᠷᠢᠮᠲᠠ ᠶᠢ ᠭᠠᠷᠭᠠᠵᠤ ᠥᠭᠭᠦᠭᠰᠡᠨ ᠤᠶᠢᠭᠡᠢ᠃9᠂ ᠠᠷᠠᠳ ᠤᠨ ᠰᠢᠭᠦᠬᠦ ᠬᠤᠷᠢᠶ᠎ᠠ ᠠᠴᠠ ᠳᠠᠭᠤᠳᠠᠬᠤ ᠪᠢᠴᠢᠭ ᠢᠶᠠᠷ ᠳᠠᠭᠤᠳᠠᠭᠰᠠᠨ ᠪᠠᠶᠢᠲᠠᠯ᠎ᠠ ᠵᠠᠭᠠᠯᠳᠤᠭᠴᠢ ᠨᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠰᠢᠭᠦᠬᠦ ᠲᠢᠩᠬᠢᠮ ᠳᠤ ᠣᠴᠢᠭᠰᠠᠨ ᠦᠭᠡᠢ᠂ ᠡᠰᠡᠬᠦᠯ᠎ᠡ ᠰᠢᠭᠦᠬᠦ ᠲᠢᠩᠬᠢᠮ ᠤᠨ ᠵᠥᠪᠰᠢᠶᠡᠷᠡᠯ ᠦᠭᠡᠢ ᠪᠠᠷ ᠰᠢᠭᠦᠯᠲᠡ ᠶᠢᠨ ᠳᠤᠮᠳᠠ ᠠᠴᠠ ᠭᠠᠷᠴᠤ ᠶᠠᠪᠤᠭᠰᠠᠨ ᠪᠠᠶᠢᠪᠠᠯ᠂ ᠶᠠᠮᠠᠷ ᠪᠠᠶᠢᠳᠠᠯ ᠢᠶᠠᠷ ᠰᠢᠢᠳᠪᠦᠷᠢᠯᠡᠵᠦ ᠪᠣᠯᠬᠤ ᠪᠤᠢ︖      ᠬᠠᠷᠢᠭᠤᠯᠲᠠ᠄ ᠵᠠᠭᠠᠯᠳᠤᠯᠭ᠎ᠠ ᠪᠠᠨ ᠪᠤᠴᠠᠭᠠᠭᠰᠠᠨ ᠢᠶᠠᠷ ᠰᠢᠢᠳᠪᠦᠷᠢᠯᠡᠨ᠎ᠡ᠃10᠂ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠣᠯᠣᠭᠰᠠᠨ ᠡᠳᠦᠷ ᠠᠴᠠ ᠡᠬᠢᠯᠡᠨ ᠬᠡᠳᠦᠢ ᠡᠳᠦᠷ ᠤᠨ ᠳᠣᠲᠣᠷ᠎ᠠ ᠵᠢᠭᠠᠨ ᠲᠣᠭᠲᠠᠭᠠᠭᠰᠠᠨ ᠪᠠᠩᠬᠢ ᠳᠤ ᠣᠴᠢᠬᠤ ᠪᠤᠶᠤ ᠶᠠᠮᠠᠷ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠷᠭᠠᠭᠤᠯᠢ ᠶᠢᠨ ᠵᠣᠭᠤᠰ ᠢ ᠲᠤᠰᠢᠶᠠᠬᠤ ᠬᠡᠷᠡᠭᠲᠡᠢ ᠪᠤᠢ︖      ᠬᠠᠷᠢᠭᠤᠯᠲᠠ᠄ ᠠᠷᠪᠠᠨ ᠲᠠᠪᠤᠨ ᠡᠳᠦᠷ᠂ ᠡᠯᠧᠺᠲᠷᠣᠨ ᠢᠶᠠᠷ ᠲᠣᠭᠠᠴᠠᠭ᠎ᠠ ᠬᠢᠬᠦ ᠰᠢᠰᠲ᠋ᠧᠮ᠃ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1