ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/6/9
     ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ᠄ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ᠂ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 14 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠬᠦ ᠲᠤᠬᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ︾ ︵ᠪᠠᠶᠢᠭᠤᠯᠤᠯᠳᠠ ᠮᠦᠩᠭᠦ ﹇2022﹈ 82 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠂ ᠡᠳᠦᠭᠡ ᠪᠢᠴᠢᠭ ᠮᠠᠲ᠋ᠧᠷᠢᠶᠠᠯ ᠢ ᠲᠠ ᠨᠠᠷ ᠲᠤ ᠤᠯᠠᠮᠵᠢᠯᠠᠨ ᠶᠠᠪᠤᠭᠤᠯᠤᠯ᠎ᠠ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠲᠤᠭᠠᠶ᠃ᠨᠢᠭᠡ᠂ ᠶᠡᠷᠦᠩᠬᠡᠶ ᠱᠠᠭᠠᠷᠳᠠᠯᠭ᠎ᠠ ᠵᠢᠴᠢ ᠠᠵᠢᠯ ᠤᠨ ᠬᠠᠷᠠᠯᠲᠠ      ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ᠂ ᠠᠷᠠᠳ ᠲᠦᠮᠡᠨ ᠢᠶᠠᠷ ᠭᠤᠣᠯ ᠪᠣᠯᠭᠠᠬᠤ᠂ ᠲᠤᠭ᠎ᠠ ᠪᠠᠷᠢᠮᠲᠠ ᠳᠤ ᠡᠨᠧᠷᠭᠢ ᠣᠯᠭᠤᠬᠤ᠂ ᠪᠦᠬᠦᠯᠢ ᠴᠣᠭᠴᠠ ᠪᠠᠷ ᠢᠶᠠᠨ ᠬᠠᠮᠵᠢᠯᠴᠠᠬᠤ᠂ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠲᠣᠭᠠᠴᠢᠯᠠᠭᠰᠠᠨ ᠮᠡᠷᠭᠡᠵᠢᠯ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠳᠤ ᠥᠷᠭᠡᠨ ᠢᠶᠠᠷ ᠬᠡᠷᠡᠭᠯᠡᠵᠦ᠂ ᠪᠦᠬᠦ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠪᠦᠬᠦ ᠲᠠᠯ᠎ᠠ ᠶᠢᠨ ᠲᠤᠭ᠎ᠠ ᠪᠠᠷᠢᠮᠲᠠ ᠳᠤ ᠡᠨᠧᠷᠭᠢ ᠣᠯᠭᠤᠬᠤ᠂ ᠪᠦᠬᠦ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷ᠎ᠡ ᠦᠢᠯᠡᠴᠢᠯᠡᠬᠦ᠂ ᠪᠦᠬᠦ ᠬᠡᠯᠬᠢᠶᠡᠨ ᠤ ᠣᠶᠤᠨᠴᠢ ᠪᠠᠷ ᠬᠢᠨᠠᠨ ᠬᠠᠮᠢᠶᠠᠷᠴᠤ ᠪᠠᠶᠢᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢᠨ ᠰᠢᠨ᠎ᠡ ᠵᠠᠭᠪᠤᠷ ᠢ ᠡᠭᠦᠳᠴᠦ᠂ ᠲᠤᠰᠢᠶᠠᠨ ᠬᠠᠳᠠᠭᠠᠯᠠᠭᠤᠯᠤᠭᠴᠢ ᠪᠠ ᠲᠤᠰᠢᠶᠠᠨ ᠬᠠᠳᠠᠭᠠᠯᠠᠬᠤ ᠨᠢᠭᠡᠴᠡ᠂ ᠣᠷᠣᠨ ᠰᠠᠭᠤᠴᠠ ᠶᠢᠨ ᠠᠵᠢᠯ ᠤᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠨ᠎ᠡ᠃      2025 ᠤᠨ ᠪᠤᠯᠳᠠᠯ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢᠨ ᠰᠢᠨ᠎ᠡ ᠵᠠᠭᠪᠤᠷ ᠢ ᠦᠨᠳᠦᠰᠦᠨ ᠳᠡᠭᠡᠨ ᠲᠣᠭᠲᠠᠭᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮ ᠪᠠ ᠲᠠᠪᠴᠠᠩ ᠤᠨ ᠲᠤᠯᠭᠠᠭᠤᠷᠢᠯᠠᠬᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠲᠣᠭᠠᠴᠢᠯᠠᠭᠰᠠᠨ ᠬᠠᠮᠢᠶᠠᠷᠤᠯᠲᠠ ᠶᠢᠨ ᠰᠢᠨ᠎ᠡ ᠲᠣᠭᠲᠠᠴᠠ᠂ ᠦᠢᠯᠡᠴᠢᠯᠡᠭᠡᠨ ᠤ ᠰᠢᠨ᠎ᠡ ᠵᠠᠭᠪᠤᠷ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠶᠢᠳᠠᠯ᠂ ᠠᠮᠤᠷ ᠲᠦᠪᠰᠢᠨ ᠤ ᠰᠢᠨ᠎ᠡ ᠰᠡᠷᠭᠡᠶᠢᠯᠡᠯᠲᠡ ᠶᠢᠨ ᠱᠤᠭᠤᠮ ᠵᠡᠷᠭᠡ ᠶᠢ ᠠᠩᠬ᠎ᠠ ᠠᠯᠬᠤᠮ ᠪᠦᠷᠢᠯᠳᠦᠭᠦᠯᠵᠦ᠂ ᠲᠣᠭᠠᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠶᠤᠨᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠣ᠂ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠭᠡᠬᠦ᠂ ᠠᠯᠠᠭᠠᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠠᠭᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠨᠢ ᠨᠠᠩ ᠰᠠᠶᠢᠨ ᠭᠦᠢᠴᠡᠳᠭᠡᠬᠦ ᠳᠤ ᠲᠥᠬᠦᠮ ᠪᠣᠯᠵᠣ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠢᠯᠡᠳᠲᠡ ᠦᠷ᠎ᠡ ᠪᠦᠲᠦᠮᠵᠢ ᠤᠯᠤᠨ᠎ᠠ᠃      ᠬᠤᠶᠠᠷ᠂ ᠭᠤᠤᠯᠳᠠᠯᠭ᠎ᠠ ᠲᠠᠢ ᠠᠵᠢᠯ ᠤᠨ ᠡᠭᠦᠷᠭᠡ      ︵ᠨᠢᠭᠡ︶ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ      ᠲᠤᠭ᠎ᠠ ᠪᠠᠷᠢᠮᠲᠠ ᠶᠢᠨ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ︵ᠳᠣᠷᠣᠭᠰᠢ ︽ᠲᠥᠪ︾ ᠭᠡᠵᠦ ᠲᠣᠪᠴᠢᠯᠠᠨ᠎ᠠ︶ ᠨᠢ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠭᠤᠤᠯ ᠴᠣᠭᠴᠠ ᠬᠠᠮᠵᠢᠯᠴᠠᠭᠰᠠᠨ ᠲᠤᠭ᠎ᠠ ᠪᠠᠷᠢᠮᠲᠠ ᠶᠢᠨ ᠵᠠᠰᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠠᠷᠢᠮᠲᠠ ᠶᠢᠨ ᠵᠠᠰᠠᠯᠲᠠ ᠶᠢᠨ ᠬᠢᠷᠢ ᠲᠦᠪᠰᠢᠨ ᠪᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ 2025 ᠣᠨ ᠤ ᠰᠡᠭᠦᠯᠴᠢ ᠠᠴᠠ ᠡᠮᠦᠨ᠎ᠡ ᠦᠯᠡᠳᠡᠭᠡᠯ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠡᠶᠡᠯᠡᠭᠦᠯᠦᠨ᠎ᠡ᠃ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠶ ᠪᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠬᠠᠤᠯᠢ ᠶᠣᠰᠣᠭᠠᠷ ᠪᠠᠶᠢᠭᠤᠯᠵᠤ ᠂ ᠬᠠᠮᠲᠤ ᠪᠠᠷ ᠡᠳ᠋ᠯᠡᠬᠦ ᠲᠤᠭ᠎ᠠ ᠪᠠᠷᠢᠮᠲᠠ ᠶᠢᠨ ᠬᠡᠪᠴᠢᠶ᠎ᠡ ᠶᠢ ᠥᠷᠭᠡᠳᠬᠡᠨ᠂ ᠰᠢᠰᠲ᠋ᠧᠮ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠡᠷᠬᠡ ᠣᠯᠭᠤᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠤᠭ᠎ᠠ ᠪᠠᠷᠢᠮᠳᠠ ᠶᠢ ᠡᠮᠬᠢ ᠵᠢᠷᠦᠮ ᠲᠠᠢ ᠪᠠᠷ ᠠᠰᠢᠠᠠᠯᠠᠬᠤ ᠶᠢ ᠠᠬᠢᠭᠤᠯᠵᠦ᠂ ᠣᠷᠣᠨ ᠰᠠᠭᠤᠴᠠ ᠶᠢᠨ ᠨᠡᠶᠢᠳᠡ ᠶᠢᠨ ᠬᠤᠷᠡᠮᠳᠣᠭᠤᠯᠭ᠎ᠠ ᠶᠢᠨ ᠮᠦᠡᠭᠬᠦ ᠶᠢᠨ ᠬᠠᠮᠢᠶᠡᠷᠦᠯᠳᠡ ᠶᠢᠨ ᠦᠢᠯᠡᠴᠢᠯᠡᠭᠡᠨ ᠳᠤ ᠬᠤᠯᠪᠤᠠᠠᠳ᠋ᠬᠠᠰᠠᠨ ᠲᠤᠭ᠎ᠠ ᠪᠡᠷᠢᠮᠳᠡ ᠶᠢ ᠬᠠᠦᠯᠢ ᠶᠣᠰᠣᠭᠠᠷ ᠴᠣᠠᠠᠯᠠᠭᠤᠯᠵᠦ᠂ ᠲᠤᠭ᠎ᠠ ᠪᠡᠷᠢᠮᠳᠡ ᠶᠢ ᠳᠡᠮᠳᠡᠭᠯᠡᠬᠦ ᠶᠢ ᠠᠬᠢᠭᠤᠯᠥᠨ᠂ ᠶᠡᠷᠦᠩᠭᠡᠶᠢᠯᠡᠨ ᠵᠠᠳᠡᠯᠬᠤ ᠪᠠ ᠭᠡᠷᠡᠭᠯᠡᠬᠦ ᠲᠤᠭ᠎ᠠ ᠪᠡᠷᠢᠮᠳᠡ ᠶᠢᠨ ᠴᠢᠳᠡᠪᠦᠷᠢ ᠶᠢ ᠳᠡᠭᠡᠭᠰᠢᠯᠡᠬᠦᠯᠬᠦ ᠭᠡᠷᠡᠭᠳᠡᠢ᠃      ︵ᠬᠤᠶᠠᠷ︶ ᠪᠦᠬᠦᠯᠢ ᠴᠣᠭᠴᠠ ᠪᠠᠷ ᠢᠶᠠᠨ ᠬᠠᠮᠵᠢᠯᠴᠠᠬᠤ ᠲᠠᠪᠴᠠᠩ ᠤᠨ ᠰᠢᠰᠲ᠋ᠧᠮ ᠢ ᠲᠡᠭᠦᠯᠳᠡᠷᠵᠢᠭᠦᠯᠦᠨ᠎ᠡ      ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢᠨ ᠶᠡᠷᠦᠩᠬᠡᠶ ᠪᠣᠷᠣ ᠲᠥᠯᠥᠪ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠲᠠᠪᠴᠠᠩ︾ ᠭᠡᠵᠦ ᠲᠣᠪᠴᠢᠯᠠᠨ᠎ᠠ︶ ᠢ ᠲᠠᠰ ᠳᠡᠪᠰᠢᠭᠦᠯᠦᠨ ᠥᠭᠡᠷᠡᠴᠢᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠪᠣᠯᠤᠨ ᠡᠯ᠎ᠡ ᠲᠥᠪ ᠲᠠᠢ ᠭᠦᠨᠵᠡᠭᠡᠶ ᠵᠣᠯᠭᠠᠭᠤᠯᠬᠤ᠂ ᠬᠤᠤᠰ ᠴᠢᠭᠯᠡᠯ ᠢᠶᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢ ᠬᠥᠨᠳᠡᠯᠡᠨ ᠢᠶᠠᠷ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠡᠯ᠎ᠡ ᠲᠥᠪ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠠᠴᠠ ᠬᠠᠩᠭᠠᠭᠰᠠᠨ ᠨᠡᠶᠢᠲᠡᠯᠢᠭ ᠴᠢᠨᠠᠷᠲᠠᠶ ᠬᠡᠷᠡᠭᠯᠡᠯᠲᠡ ᠶᠢ ᠢᠳᠡᠪᠬᠢᠲᠡᠶ ᠬᠡᠷᠡᠭᠯᠡᠵᠦ᠂ ᠲᠣᠭᠠᠴᠢᠯᠠᠭᠰᠠᠨ᠂ ᠤᠶᠤᠨᠴᠢᠯᠠᠭᠰᠠᠨ ᠬᠡᠷᠡᠭᠯᠡᠭᠡᠨ ᠤ ᠲᠠᠯᠠᠪᠤᠷ ᠢ ᠥᠷᠭᠡᠳᠬᠡᠬᠦ ᠬᠡᠷᠡᠭᠲᠡᠶ᠃ ᠡᠯ᠎ᠡ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠤᠨ ︽ᠡᠭᠦᠯᠡᠨ ᠪᠤᠳᠤᠯᠲᠠ︾ ᠶᠢ ᠯᠠᠪᠳᠠᠭᠤᠨ ᠢᠶᠠᠷ ᠠᠬᠢᠭᠤᠯᠵᠤ᠂ ᠡᠭᠦᠯᠡᠨ ᠪᠤᠳᠤᠯᠲᠠ ᠶᠢᠨ ᠦᠢᠯᠡᠴᠢᠯᠡᠭᠡᠨ ᠤ ᠠᠮᠤᠷ ᠲᠦᠪᠰᠢᠨ ᠤ ᠦᠨᠡᠯᠡᠨ ᠵᠢᠱᠢᠯᠲᠡ ᠪᠠᠷ ᠳᠠᠮᠵᠢᠭᠰᠠᠨ ᠡᠭᠦᠯᠡᠨ ᠲᠠᠪᠴᠠᠩ ᠢ ᠤᠷᠢᠳᠠᠪᠠᠷ ᠰᠣᠩᠭᠤᠨ ᠬᠡᠷᠡᠭᠯᠡᠬᠦ ᠶᠢ ᠵᠣᠷᠢᠭᠵᠢᠭᠤᠯᠤᠨ᠎ᠠ᠃      ︵ᠭᠤᠷᠪᠠ︶ ᠲᠣᠭᠠᠴᠢᠯᠠᠭᠰᠠᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ᠎ᠠ      ᠲᠣᠮᠣ ᠳ᠋ᠠᠶᠢᠲ᠋ᠠ ᠶᠢᠨ ᠰᠢᠨᠵᠢᠯᠡᠬᠦ ᠤᠬᠠᠭᠠᠨᠴᠢ ᠳᠤ ᠲᠤᠰᠠᠯᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠵᠡᠷᠭᠡ ᠳᠤ ᠲᠤᠯᠭᠠᠭᠤᠷᠢᠯᠠᠯ ᠬᠠᠩᠭᠠᠨ᠎ᠠ᠃ ᠡᠯ᠎ᠡ ᠲᠥᠪ ᠨᠢ ᠲᠣᠭᠠᠴᠢᠯᠠᠭᠰᠠᠨ ᠮᠡᠷᠭᠡᠵᠢᠯ ᠢ ᠬᠡᠷᠡᠭᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯᠯᠠᠭᠠᠨ ᠤ ᠰᠢᠰᠲ᠋ᠧᠮ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠬᠥᠳᠡᠯᠭᠡᠭᠦᠷ ᠪᠣᠯᠭᠠᠭᠰᠠᠨ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠵᠦ᠂ ᠬᠠᠮᠢᠶᠠᠷᠤᠯᠲᠠ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃       ︵ᠲᠦᠷᠪᠡ︶ ᠲᠤᠭᠠᠴᠢᠯᠠᠭᠰᠠᠨ ᠦᠢᠯᠡᠴᠢᠯᠡᠭᠡᠨ ᠤ ᠰᠢᠨ᠎ᠡ‌ᠵᠠᠭᠪᠤᠷ ᠢ ᠪᠠᠶᠢᠭᠤᠯᠤᠨ᠎ᠠ      ᠪᠥᠬᠦ ᠤᠯᠤᠰ᠂ ᠪᠥᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠪᠠ ᠬᠡᠷᠡᠭᠵᠢᠭᠦᠯᠬᠦ ᠨᠠᠷᠢᠨ ᠬᠠᠭᠤᠳᠠᠰᠤ ᠶᠢ ᠦᠨᠳᠦᠰᠦᠯᠡᠨ᠂ ᠲᠣᠰ ᠭᠠᠵᠠᠷ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠪᠠ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠠᠬᠢᠭᠤᠯᠤᠨ᠎ᠠ᠃ ᠣᠨᠳᠣᠣ ᠭᠠᠵᠠᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠠᠮᠵᠢᠯᠴᠠᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠦᠢᠯᠡᠴᠢᠯᠡᠭᠡᠨ ᠤ ᠵᠦᠢᠯᠡᠰ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠤᠨ᠎ᠠ᠃ ᠣᠶᠤᠨᠴᠢ ᠨᠠᠷᠢᠯᠢᠭ ᠣᠨᠣᠴᠠᠲᠠᠶ ᠲᠣᠭᠠᠴᠢᠯᠠᠭᠰᠠᠨ ᠦᠢᠯᠡᠴᠢᠯᠡᠭᠡᠨ ᠤ ᠠᠬᠤᠢ ᠪᠠᠶᠢᠳᠠᠯ ᠢ ᠥᠷᠭᠡᠳᠬᠡᠵᠦ᠂ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠬᠦ ᠪᠠ ᠰᠢᠨ᠎ᠡ ᠶᠢ ᠡᠭᠦᠳᠦᠨ᠎ᠡ᠃    ︵ᠲᠠᠪᠤ︶ ᠲᠣᠭᠠᠴᠠᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠶᠢᠳᠠᠯ ᠢ ᠡᠭᠦᠳᠦᠨ᠎ᠡ      ᠲᠣᠭᠠᠴᠢᠯᠠᠭᠰᠠᠨ ᠬᠢᠨᠠᠨ ᠬᠠᠮᠢᠶᠠᠷᠬᠤ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠠᠵᠢᠯᠯᠠᠭᠠᠨ ᠤ ᠪᠠᠶᠢᠳᠠᠯ ᠢ ᠣᠯᠠᠨ ᠲᠠᠯ᠎ᠠ ᠠᠴᠠ ᠦᠨᠡᠯᠡᠨ ᠵᠢᠱᠢᠵᠦ᠂ ᠡᠯ᠎ᠡ ᠲᠥᠪ ᠲᠤ ᠱᠠᠲᠤ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠱᠠᠲᠤ ᠳᠠᠪᠬᠤᠷᠭ᠎ᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠡᠳᠦᠷ ᠲᠤᠲᠤᠮ ᠤᠨ ᠬᠢᠭᠡᠳ ᠲᠤᠰᠬᠠᠶ ᠵᠦᠢᠯ᠂ ᠳᠣᠲᠣᠭᠠᠳᠤ ᠬᠢᠭᠡᠳ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ ᠠᠰᠠᠭᠤᠳᠠᠯ ᠪᠠ ᠭᠠᠵᠠᠷ ᠣᠷᠣᠨ ᠳᠤ ᠲᠤᠬᠠᠶ ᠶᠢᠨ ᠲᠠᠯᠠᠪᠤᠷ ᠲᠤᠨᠢ ᠬᠢᠨᠠᠨ ᠵᠢᠯᠣᠭᠤᠳᠬᠤ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠰᠢᠨ᠎ᠡ ᠶᠢ ᠡᠭᠦᠳᠦᠨ ᠥᠷᠨᠢᠭᠦᠯᠦᠨ᠎ᠡ᠃ ︵ᠵᠢᠷᠭᠤᠭ᠎ᠠ︶ ᠲᠣᠭᠠᠴᠢᠯᠠᠭᠰᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠦᠨᠡᠯᠡᠨ ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠣᠯᠤᠨ ᠡᠵᠡᠩᠨᠡᠵᠦ ᠪᠠᠶᠢᠭ᠎ᠠ ᠠᠵᠤ ᠠᠬᠤᠶᠢᠯᠠᠯ ᠳᠠᠬᠢ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠳᠣᠲᠣᠭᠠᠳᠤ ᠡᠵᠡᠮᠳᠡᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠠᠷᠢᠮᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠰᠦᠯᠵᠢᠶᠡᠨ ᠤ ᠠᠮᠤᠷ ᠲᠦᠪᠰᠢᠨ ᠤ ᠲᠠᠰ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃    ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ      ᠡᠯ᠎ᠡ ᠭᠠᠵᠠᠷ ᠤᠨ ᠬᠢᠨ ᠨᠢ ᠣᠯᠠᠨ ᠳᠡᠰ ᠳᠠᠪᠬᠤᠷᠭ᠎ᠠ᠂ ᠬᠡᠪᠰᠢᠭᠰᠡᠨ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠲᠥᠷᠥ ᠶᠢ ᠡᠷᠬᠢᠮᠯᠡᠬᠦ᠂ ᠲᠤᠬᠠᠶᠢᠯᠠᠭᠰᠠᠨ ᠠᠵᠢᠯ ᠢ ᠣᠶᠢᠯᠠᠭᠠᠬᠤ᠂ ᠮᠡᠷᠭᠡᠵᠢᠯ ᠳᠡᠭᠡᠨ ᠴᠠᠭᠠᠷᠠᠭᠰᠠᠨ ᠬᠠᠮ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠶ᠃ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︵ᠵᠠᠬᠢᠷᠭ᠎ᠠ︶ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ ᠬᠠᠮᠢᠶᠠᠷᠤᠯᠲᠠ ᠶᠢᠨ ᠵᠠᠷᠤᠯᠭ᠎ᠠ ᠶᠢ ᠵᠦᠢ ᠵᠣᠬᠢᠰᠲᠠᠢ ᠲᠤᠬᠢᠷᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ᠂ ᠤᠯᠤᠰ ᠪᠠ ᠠᠵᠢᠯ ᠲᠥᠷᠥᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠳᠦᠬᠦᠷ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠨᠠᠷᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠲᠥᠪ ᠤᠨ ᠬᠢᠨ ᠭᠤᠤᠯᠳᠠᠯᠭ᠎ᠠ ᠶᠢᠨ ᠠᠵᠢᠯ ᠢ ᠲᠤᠬᠠᠢ ᠶᠢᠨ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠳᠤ ᠴᠠᠭ ᠲᠤᠬᠠᠢ ᠳᠤᠨᠢ ᠮᠡᠳᠡᠭᠦᠯᠦᠨ ᠬᠦᠷᠭᠡᠵᠦ ᠰᠢᠢᠳᠪᠦᠷᠢᠲᠦ ᠪᠤᠳᠤᠯᠭ᠎ᠠ ᠲᠣᠭᠲᠠᠭᠠᠨ ᠵᠣᠬᠢᠴᠠᠭᠤᠯᠵᠤ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︵ᠵᠠᠬᠢᠷᠭ᠎ᠠ︶ ᠤ ᠤᠳᠤᠷᠢᠳᠤᠯᠭ᠎ᠠ ᠳᠣᠣᠷ᠎ᠠ᠂ ᠤᠯᠠᠨ ᠰᠠᠯᠠᠭ᠎ᠠ ᠮᠥᠴᠢᠷ ᠬᠠᠮᠲᠤ ᠪᠠᠷ ᠣᠷᠣᠯᠴᠠᠭᠰᠠᠨ ᠲᠣᠭᠠᠴᠢᠯᠠᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃      ᠡᠯ᠎ᠡ ᠲᠥᠪ ᠨᠢ ᠭᠤᠣᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠣᠭᠠᠴᠢᠯᠠᠭᠰᠠᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠯᠭᠠᠨ ᠬᠢᠨᠠᠵᠤ ᠤᠷᠮᠠᠰᠢᠭᠤᠯᠬᠤ ᠵᠡᠷᠭᠡ ᠲᠣᠭᠲᠠᠴᠠ ᠶᠢ ᠪᠦᠷᠢᠨᠰᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠣᠭᠠᠴᠢᠯᠠᠭᠰᠠᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃          2023 ᠣᠨ ᠤ 2 ᠳ᠋ᠤᠭᠠᠷ ᠰᠠᠷ᠎ᠠ ᠶᠢᠨ 9 ᠤ ᠡᠳᠦᠷᠢᠷᠡᠯᠳᠡ᠄ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1